蒙古文网站Logo
ᠰᠢᠨᠬᠤᠸᠠ ᠮᠤᠩᠭ᠋ᠤᠯ ᠨᠧᠲ

ᠠᠷᠪᠠᠨ ᠨᠢᠭᠡᠳᠦᠭᠡᠷ ᠬᠤᠭᠤᠴᠠᠭᠠᠨ ᠤ ᠲᠠᠯ ᠠ ᠨᠤᠲᠤᠭ ᠤᠨ ᠨᠤᠮ ᠤᠩᠰᠢᠬᠤ ᠰᠠᠷ ᠠ ᠶᠢᠨ ᠠᠵᠢᠯᠯᠠᠭ᠎ᠠ ᠡᠬᠢᠯᠡᠯ ᠡ

2016-11-18 15:55

    11 ᠰᠠᠷ ᠠ ᠶᠢᠨ 15 ᠤ ᠡᠳᠤᠷ᠂ 《ᠢᠯᠢ᠂ ᠨᠤᠮ ᠤᠨ ᠦᠨᠤᠷ ᠬᠠᠨᠭᠬᠤᠯᠤᠭᠰᠠᠨ ᠲᠠᠯ ᠠ ᠨᠤᠲᠤᠭ》 ᠤᠨ ᠠᠮᠢᠵᠢᠷᠠᠯ ᠪᠢᠯᠬᠠᠭᠰᠠᠨ ᠦᠪᠦᠷ ᠮᠤᠨᠭᠭᠤᠯ᠍ᠠᠷᠪᠠᠨ ᠨᠢᠭᠡᠳᠦᠭᠡᠷ ᠬᠤᠭᠤᠴᠠᠭᠠᠨ ᠤ ᠲᠠᠯ ᠠ ᠨᠤᠲᠤᠭ ᠤᠨ ᠨᠤᠮ ᠤᠨᠭᠰᠢᠬᠤ ᠰᠠᠷ ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠤᠰᠤᠯᠠᠯ ᠦᠪᠦᠷ ᠮᠤᠨᠭᠭᠤᠯ ᠤᠨ ᠡᠳᠤᠷ ᠤᠨ ᠰᠤᠨᠢᠨ ᠤ ᠬᠤᠷᠢᠶ ᠠ ᠳᠤ ᠶᠠᠪᠤᠭᠲᠠᠪᠠ᠃

    ᠲᠤᠰ ᠬᠤᠭᠤᠴᠠᠭᠠ ᠤ ᠠᠵᠢᠯᠯᠠᠭ᠎ᠠ ᠵᠢ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠤᠬᠠᠭᠤᠯᠬᠤ ᠬᠡᠯᠲᠡᠰ ᠡᠴᠡ ᠵᠢᠭᠠᠨ ᠵᠢᠯᠤᠭᠤᠳᠴᠤ᠂ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠰᠤᠨᠢᠨ ᠮᠡᠳᠡᠭᠡ ᠬᠡᠪᠯᠡᠯ ᠷᠠᠳᠢᠤ᠋ ᠺᠢᠨᠤ᠋ ᠲᠸᠯᠸᠢᠰ ᠲᠤᠪᠴᠢᠶ ᠠ᠂ ᠦᠪᠦᠷ ᠮᠤᠨᠭᠭᠤᠯ ᠤᠨ ᠡᠳᠤᠷ ᠤᠨ ᠰᠤᠨᠢᠨ ᠤ ᠬᠤᠷᠢᠶ᠎ᠠ ᠵᠡᠷᠭᠡ ᠨᠢᠭᠡᠴᠡ ᠡᠴᠡ ᠭᠤᠤᠯᠯᠠᠨ ᠡᠷᠬᠢᠯᠡᠵᠤ᠂ ᠢᠯᠢ ᠪᠦᠯᠦᠭᠯᠡᠯ ᠡᠴᠡ ᠳᠠᠭᠠᠭᠠᠴᠢᠯᠠᠨ ᠡᠷᠬᠢᠯᠡᠵᠡᠢ᠃

    ᠲᠤᠰ ᠬᠤᠭᠤᠴᠠᠭᠠᠨ ᠤ ᠨᠤᠮ ᠤᠨᠭᠰᠢᠬᠤ ᠰᠠᠷ ᠠ ᠶᠢᠨ ᠠᠵᠢᠯᠯᠠᠭ᠎ᠠ ᠨᠡᠢᠢᠳᠡ 10 ᠠᠭᠤᠯᠭ᠎ᠠ ᠲᠠᠢ᠃ ᠬᠤᠶᠠᠳᠤᠭᠠᠷ ᠬᠤᠭᠤᠴᠠᠭᠠᠨ ᠤ ᠳᠡᠭᠵᠢᠨ ᠵᠢᠭᠠᠯ ᠤᠨ ᠦᠯᠢᠭᠡᠷ ᠶᠠᠷᠢᠬᠤ ᠤᠷᠤᠯᠳᠤᠭᠠᠨ᠂ 《ᠦᠪᠦᠷ ᠮᠤᠨᠭᠭᠤᠯ ᠤᠨ ᠠᠷᠪᠠᠨ ᠶᠡᠬᠡ ᠰᠦᠯᠵᠢᠶᠡᠨ ᠤ ᠰᠤᠶᠤᠯ ᠤᠨ ᠲᠡᠮᠲᠡᠭ》 ᠢ ᠲᠡᠪᠰᠢᠭᠦᠯᠦᠨ ᠰᠢᠯᠭᠠᠷᠠᠭᠤᠯᠬᠤ᠂ ᠴᠢᠨᠭ᠍ᠭᠢᠰ ᠬᠠᠭᠠᠨ ᠤ ᠲᠡᠤᠭᠡᠨ ᠰᠤᠷᠪᠤᠯᠵᠢ ᠪᠢᠴᠢᠭ᠌ ᠤᠨ ᠤᠷᠳᠤᠨ ᠳᠤ ᠬᠦᠷᠬᠦ᠂ ᠳᠤᠮᠳᠠᠳᠤ ᠤᠯᠤᠰ ᠤᠨ ᠴᠠᠭᠠᠨ ᠢᠳᠡᠭᠡᠨ ᠤ ᠬᠤᠲᠠ ᠶᠢᠨ ᠨᠡᠷᠡᠲᠤ ᠬᠦᠮᠦᠰ ᠤᠨ ᠶᠠᠷᠢᠶ ᠠ ᠢᠯᠡᠳᠭᠡᠯ ᠤᠨ ᠭᠠᠷᠠᠭ᠂ ᠯᠢᠤ ᠰᠢᠶᠤᠤ ᠯᠢᠨᠭ᠌ ᠲᠤᠨᠭ᠌ ᠤᠨ ᠮᠤᠨᠭᠭᠤᠯ ᠬᠡᠪᠯᠡᠯ ᠤᠨ 《ᠪᠡᠴᠢᠨ ᠪᠠᠭᠰᠢ ᠶᠢᠨ ᠶᠠᠷᠢᠭᠰᠠᠨ<ᠪᠠᠷᠠᠭᠤᠨᠰᠢ ᠵᠤᠷᠴᠢᠭᠰᠠᠨ ᠲᠡᠮᠲᠡᠭᠡᠯᠡᠯ>》ᠨᠤᠮ ᠢ ᠠᠨᠭᠬ ᠠ ᠲᠠᠷᠬᠠᠭᠠᠬᠤ ᠶᠤᠰᠤᠯᠠᠯ᠂ ᠨᠤᠮ ᠤᠨ ᠨᠠᠢᠢᠵᠢ ᠶᠢᠨ ᠲᠠᠨᠢᠯᠴᠠᠬᠤ ᠬᠤᠷᠠᠯ᠂ 2016 ᠤᠨ ᠤ ᠨᠢᠭᠡ ᠬᠤᠪᠢ ᠵᠠᠬᠢᠳᠠᠯ᠂ ᠤᠤᠷ ᠰᠤᠶᠤᠯ ᠤᠨ ᠶᠡᠬᠡ ᠲᠠᠢᠢᠯᠤᠮᠵᠢ᠂ 《ᠰᠠᠢᠢᠨ ᠰᠠᠢᠢᠬᠠᠨ ᠤ ᠪᠤᠯᠵᠤᠭ᠎ᠠ》 ᠢᠷᠠᠭᠤ ᠨᠠᠢᠢᠷᠠᠭ ᠤᠨ ᠤᠷᠤᠯᠳᠤᠭᠠᠨ ᠵᠢᠴᠢ ᠬᠦᠬᠡᠬᠤᠲᠠ ᠶᠢᠨ ᠨᠤᠮ ᠪᠢᠴᠢᠭ᠌ ᠤᠨ ᠳᠠᠮᠵᠢᠭᠤᠯᠭ᠎ᠠ ᠵᠡᠷᠭᠡ ᠪᠤᠯᠤᠨ᠎ᠠ᠃

    ᠤᠢᠢᠷ ᠠ ᠶᠢᠨ ᠵᠢᠯ ᠡᠴᠡ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ ᠠ ᠵᠠᠰᠠᠭ ᠤᠨ ᠤᠷᠳᠤᠨ ᠪᠦᠬᠦ ᠠᠷᠠᠳ ᠶᠢᠡᠷ ᠶᠢᠡᠨ ᠨᠤᠮ ᠤᠨᠭᠰᠢᠬᠤ ᠠᠵᠢᠯᠯᠠᠭ᠎ᠠ ᠵᠢ ᠲᠦᠯᠬᠢᠨ ᠠᠬᠢᠭᠤᠯᠵᠤ᠂ ᠪᠦᠬᠦ ᠤᠷᠤᠨ ᠤ ᠬᠤᠲᠠ ᠪᠠᠯᠭᠠᠰᠤ᠂ ᠬᠦᠳᠡᠭᠡ ᠲᠤᠰᠬᠤᠨ᠂ ᠡᠯ ᠡ ᠶᠡᠬᠡ ᠪᠠᠢᠢᠭᠤᠯᠤᠯᠭ᠎ᠠ ᠨᠢᠭᠡᠴᠡ ᠪᠡᠷ 100 ᠰᠢᠬᠠᠮ ᠨᠤᠮ ᠪᠢᠴᠢᠭ᠌ ᠳᠠᠮᠵᠢᠭᠤᠯᠬᠤ ᠴᠡᠭ᠌ ᠪᠠᠢᠢᠭᠤᠯᠵᠤ᠂ ᠲᠠᠯ ᠠ ᠨᠤᠲᠤᠭ ᠤᠨ ᠨᠤᠮ ᠤᠨᠭᠰᠢᠬᠤ ᠰᠠᠷ ᠠ ᠶᠢᠨ ᠠᠵᠢᠯᠯᠠᠭ᠎ᠠ ᠨᠢ ᠦᠪᠦᠷ ᠮᠤᠨᠭᠭᠤᠯ ᠤᠨ ᠴᠢᠬᠤᠯᠠ ᠨᠢᠭᠡᠨ ᠰᠤᠶᠤᠯ ᠤᠨ ᠲᠦᠷᠦᠯ ᠲᠡᠮᠲᠡᠭ ᠪᠤᠯᠪᠠ᠃ (ᠭᠤᠸᠠᠨ ᠰᠡᠴᠡᠨ )

    ᠳᠠᠳᠤᠯᠭ᠎ᠠ ᠶᠢ ᠰᠤᠷᠤᠭᠴᠢ ᠬᠤᠷᠴᠠ ᠨᠠᠢᠢᠷᠠᠭᠤᠯᠪᠠ  

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119942510