蒙古文网站Logo
ᠰᠢᠨᠬᠤᠸᠠ ᠮᠤᠩᠭ᠋ᠤᠯ ᠨᠧᠲ

《ᠴᠠᠰᠤᠨ ᠪᠠᠳᠮ ᠠ》 ᠢᠷᠠᠭᠤ ᠨᠠᠢᠢᠷᠠᠭ ᠤᠨ ᠤᠷᠤᠯᠳᠤᠭᠠᠨ ᠶᠠᠪᠤᠭᠳᠠᠪᠠ

2016-11-21 11:25

    11 ᠰᠠᠷ ᠠ ᠶᠢᠨ 8 ᠤ ᠡᠳᠤᠷ᠂ ᠪᠠᠷᠠᠭᠤᠨ ᠬᠤᠢᠢᠳᠤ ᠶᠢᠨ ᠦᠨᠳᠤᠰᠤᠲᠡᠨ ᠤ ᠶᠡᠬᠡ ᠰᠤᠷᠭᠠᠭᠤᠯᠢ ᠶᠢᠨ ᠮᠤᠨᠭᠭᠤᠯ ᠬᠡᠯᠡ ᠰᠤᠶᠤᠯ ᠤᠨ ᠳᠡᠭᠡᠳᠤ ᠰᠤᠷᠭᠠᠭᠤᠯᠢ ᠶᠢᠨ ᠡᠪᠯᠡᠯ ᠤᠨ ᠬᠤᠷᠢᠶ ᠠ ᠪᠠ 《ᠠᠯᠲᠠᠨ ᠭᠠᠨᠵᠤᠭ᠎ᠠ》 ᠨᠡᠢᠢᠭᠡᠮᠯᠢᠭ᠌ ᠡᠴᠡ ᠡᠷᠬᠢᠯᠡᠨ ᠶᠠᠪᠤᠭᠳᠠᠭᠤᠯᠤᠭᠰᠠᠨ ᠬᠤᠷᠢᠳᠤᠭᠠᠷ ᠬᠤᠭᠤᠴᠠᠭᠠᠨ ᠤ 《ᠴᠠᠰᠤᠨ ᠪᠠᠳᠮ ᠠ》 ᠢᠷᠠᠭᠤ ᠨᠠᠢᠢᠷᠠᠭ ᠤᠨ ᠤᠷᠤᠯᠳᠤᠭᠠᠨ ᠵᠢᠴᠢ ᠠᠯᠳᠠᠷᠳᠤ ᠬᠦᠲᠦᠯᠦᠭᠴᠢ · ᠴᠢᠨᠭ᠍ᠪᠠᠭᠠᠲᠤᠷ ᠢ᠋ ᠳᠤᠷᠠᠰᠬᠠᠬᠤ ᠠᠵᠢᠯᠯᠠᠭ᠎ᠠ ᠪᠠᠷᠠᠭᠤᠨ ᠬᠤᠢᠢᠲᠤ ᠶᠢᠨ ᠦᠨᠳᠤᠰᠤᠲᠡᠨ ᠤ ᠶᠡᠭᠡ ᠰᠤᠷᠭᠠᠭᠤᠯᠢ ᠳᠤ ᠶᠠᠪᠤᠭᠳᠠᠪᠠ᠃

    《ᠴᠠᠰᠤᠨ ᠪᠠᠳᠮ ᠠ》 ᠢᠷᠠᠭᠤ ᠨᠠᠢᠢᠷᠠᠭ ᠤᠨ ᠤᠷᠤᠯᠳᠤᠭᠠᠨ ᠨᠢ ᠪᠠᠷᠠᠭᠤᠨ ᠬᠤᠢᠢᠳᠤ ᠶᠢᠨ ᠦᠨᠳᠤᠰᠤᠲᠡᠨ ᠤ ᠶᠡᠬᠡ ᠰᠤᠷᠭᠠᠭᠤᠯᠢ ᠶᠢᠨ ᠮᠤᠨᠭᠭᠤᠯ ᠬᠡᠯᠡ ᠰᠤᠶᠤᠯ ᠤᠨ ᠳᠡᠭᠡᠳᠤ ᠰᠤᠷᠭᠠᠭᠤᠯᠢ ᠶᠢᠨ ᠤᠶᠤᠲᠠᠳ ᠤᠨ ᠤᠷ ᠠ ᠠᠪᠢᠶᠠᠰ ᠶᠢᠡᠨ ᠪᠠᠳᠠᠷᠠᠭᠤᠯᠤᠨ᠂ ᠤᠬᠠᠭᠠᠨ ᠪᠢᠯᠢᠭ᠌ ᠶᠢᠡᠨ ᠰᠤᠢᠢᠬᠤ ᠴᠢᠬᠤᠯᠠ ᠲᠠᠪᠴᠠᠨᠭ᠌ ᠪᠤᠯᠤᠭᠰᠠᠨ ᠤ ᠬᠤᠪᠢ ᠳᠤ ᠬᠤᠷᠢᠨ ᠵᠢᠯ ᠤᠨ ᠲᠤᠷᠰᠢᠲᠠ ᠲᠠᠰᠤᠷᠠᠯᠲᠡ ᠦᠭᠡᠢ ᠭᠢᠯᠠᠯᠵᠠᠮ ᠠ ᠠᠮᠵᠢᠯᠲᠠ ᠵᠢ ᠡᠭᠦᠳᠴᠦ᠂ ᠮᠦᠨ ᠴᠤ ᠤᠷᠤᠯᠳᠤᠭᠠᠨ ᠶᠢᠡᠷ ᠳᠠᠮᠵᠢᠵᠤ ᠤᠯᠠᠨ ᠤᠶᠤᠲᠠᠳ ᠢᠷᠠᠭᠤ ᠨᠠᠢᠢᠷᠠᠭ ᠲᠤ ᠳᠤᠷ ᠠ ᠪᠠᠬ ᠠ ᠲᠠᠢ ᠪᠤᠯᠵᠤ᠂ ᠢᠯᠭᠤᠮ ᠰᠠᠢᠢᠬᠠᠨ ᠡᠬᠡ ᠬᠡᠯᠡ ᠪᠠᠨ ᠬᠠᠢᠢᠷᠠᠯᠠᠨ ᠬᠠᠮᠠᠭᠠᠯᠠᠬᠤ ᠰᠡᠳᠬᠢᠯ ᠲᠠᠢ ᠪᠤᠯᠤᠭᠰᠠᠨ ᠪᠠᠢᠢᠨ᠎ᠠ᠃ ᠡᠭᠦᠨ ᠳᠤ ᠮᠤᠨᠭᠭᠤᠯᠴᠤᠳ ᠤᠨ ᠶᠢᠡᠨ ᠢᠲᠡᠭᠡᠯ ᠬᠦᠨᠳᠤᠳᠭᠡᠯ ᠢ ᠤᠯᠵᠤ ᠶᠠᠪᠤᠭᠰᠠᠨ ᠠᠯᠳᠠᠷᠳᠤ ᠬᠦᠲᠦᠯᠦᠭᠴᠢ ᠴᠢᠨᠭ᠍ᠪᠠᠭᠠᠲᠤᠷ ᠴᠤ᠂ ᠤᠶᠤᠲᠠᠨ ᠠᠬᠤᠢ ᠴᠠᠭ ᠲᠤ ᠪᠠᠨ ᠬᠤᠶᠠᠳᠤᠭᠠᠷ ᠬᠤᠭᠤᠴᠠᠭᠠᠨ ᠤ《ᠴᠠᠰᠤᠨ ᠪᠠᠳᠮ ᠠ》 ᠢᠷᠠᠭᠤ ᠨᠠᠢᠢᠷᠠᠭ ᠤᠨ ᠤᠷᠤᠯᠳᠤᠭᠠᠨ ᠳᠤ ᠲᠡᠷᠢᠭᠦᠨ ᠲᠡᠰ ᠲᠤ ᠲᠤᠳᠤᠷᠠᠵᠤ ᠪᠠᠢᠢᠭᠰᠠᠨ ᠦᠨᠭ᠍ᠭᠡᠷᠡᠯᠲᠡ ᠲᠠᠢ ᠪᠢᠯᠡ᠃ ᠲᠡᠷᠡ ᠪᠡᠷ ᠮᠤᠨᠭᠭᠤᠯ ᠰᠤᠶᠤᠯ ᠶᠢᠡᠨ ᠭᠡᠰᠡᠨ ᠬᠠᠯᠠᠭᠤᠨ ᠰᠡᠳᠭᠢᠯ᠂ ᠬᠠᠯᠠᠰᠢᠷᠠᠯ ᠦᠭᠡᠢ ᠵᠤᠷᠢᠭ ᠰᠠᠨᠠᠭ᠎ᠠ ᠪᠡᠷ ᠮᠤᠨᠭᠭᠤᠯ ᠰᠤᠶᠤᠯ ᠤᠨ ᠶᠢᠡᠨ ᠴᠠᠷ ᠠ ᠬᠦᠷᠢᠶᠡᠨ ᠳᠤ ᠳᠤᠷᠪᠢᠲᠠᠢ ᠠᠵᠢᠯᠯᠠᠵᠤ ᠶᠠᠪᠤᠭᠰᠠᠨ ᠶᠤᠮ᠃ ᠡᠳᠤᠭᠡ ᠴᠢᠨᠭ᠍ᠪᠠᠭᠠᠲᠤᠷ ᠮᠠᠨᠢ ᠪᠢᠳᠡᠨ ᠡᠴᠡ ᠰᠠᠯᠵᠤ ᠶᠠᠪᠤᠭᠠᠳ ᠪᠦᠲᠦᠨ ᠵᠢᠷᠭᠤᠭᠠᠨ ᠵᠢᠯ ᠪᠤᠯᠬᠤ ᠰᠢᠬᠠᠵᠤ ᠪᠠᠢᠢᠨ᠎ᠠ᠃ ᠡᠢᠢᠨᠬᠦ ᠪᠠᠷᠠᠭᠤᠨ ᠬᠤᠢᠢᠳᠤ ᠶᠢᠨ ᠦᠨᠳᠤᠰᠤᠲᠡᠨ ᠤ ᠶᠡᠬᠡ ᠰᠤᠷᠭᠠᠭᠤᠯᠢ ᠶᠢᠨ ᠮᠤᠨᠭᠭᠤᠯ ᠬᠡᠯᠡ ᠰᠤᠶᠤᠯ ᠤᠨ ᠳᠡᠭᠡᠳᠤ ᠰᠤᠷᠭᠠᠭᠤᠯᠢ ᠨᠢ ᠲᠡᠭᠦᠨ ᠤ ᠡᠬᠡ ᠰᠤᠷᠭᠠᠭᠤᠯᠢ ᠪᠤᠯᠤᠭᠰᠠᠨ ᠤ ᠤᠴᠢᠷ ᠡᠴᠡ᠂ ᠬᠤᠷᠢᠳᠤᠭᠠᠷ ᠬᠤᠭᠤᠴᠠᠭᠠᠨ ᠤ 《ᠴᠠᠰᠤᠨ ᠪᠠᠳᠮ ᠠ》 ᠢᠷᠠᠭᠤ ᠨᠠᠢᠢᠷᠠᠭ ᠤᠨ ᠤᠷᠤᠯᠳᠤᠭᠠᠨ ᠤ ᠬᠠᠮᠲᠤ ᠴᠢᠨᠭ᠍ᠪᠠᠭᠠᠲᠤᠷ ᠢ ᠳᠤᠷᠠᠰᠬᠠᠬᠤ ᠠᠵᠢᠯᠯᠠᠭ᠎ᠠ ᠵᠢ ᠡᠷᠬᠢᠯᠡᠨ ᠶᠠᠪᠤᠭᠳᠠᠭᠤᠯᠵᠠᠢ᠃

    ᠤᠷᠤᠯᠳᠤᠭᠠᠨ ᠨᠢ ᠴᠢᠨᠭ᠍ᠪᠠᠭᠠᠲᠤᠷ ᠤᠨ ᠲᠤᠭᠤᠷᠪᠢᠭᠰᠠᠨ ᠢᠷᠠᠭᠤ ᠨᠠᠢᠢᠷᠠᠭ ᠢ ᠤᠶᠠᠨᠭᠭᠠᠯᠠᠬᠤ᠂ ᠴᠢᠨᠭ᠍ᠪᠠᠭᠠᠲᠤᠷ ᠤᠨ ᠨᠤᠮ ᠵᠤᠬᠢᠶᠠᠯ ᠤᠨ ᠲᠤᠬᠠᠢ ᠮᠡᠳᠡᠯᠭᠡ ᠶᠢᠨ ᠰᠡᠳᠤᠪ ᠬᠠᠷᠢᠭᠤᠯᠬᠤ᠂ ᠴᠢᠨᠭ᠍ᠪᠠᠭᠠᠲᠤᠷ ᠤᠨ ᠨᠠᠢᠢᠷᠠᠭᠤᠯᠤᠯ ᠢ ᠤᠨᠭᠰᠢᠬᠤ ᠵᠡᠷᠭᠡ 《ᠭᠤᠷᠪᠠᠨ ᠳᠠᠪᠠᠭ᠎ᠠ》 ᠶᠢᠨ ᠬᠡᠯᠪᠡᠷᠢ ᠪᠡᠷ ᠶᠠᠪᠤᠭᠳᠠᠵᠠᠢ᠃ ᠤᠷᠤᠯᠳᠤᠭᠠᠨ ᠤ ᠡᠴᠤᠰ ᠲᠤ ᠤᠶᠤᠲᠠᠨ ᠨᠠᠨᠳᠢᠷ ᠲᠡᠷᠢᠭᠦᠯᠡᠵᠦ᠂ ᠤᠶᠤᠲᠠᠨ ᠶᠠᠨᠵᠢᠨᠰᠠᠮ᠂ ᠰᠸᠡᠳᠡᠮ ᠡ ᠲᠡᠳ᠋ ᠪᠠᠢᠢᠷᠢ᠂ ᠤᠶᠤᠲᠠᠨ ᠡᠨᠭ᠍ᠬᠡᠮᠡᠨᠳᠤ᠂ ᠤᠶᠤᠨᠳᠠᠯᠠᠢ᠂ ᠲᠡᠮᠤᠷᠵᠢᠨ ᠭᠤᠷᠪᠠᠳᠤᠭᠠᠷ ᠪᠠᠢᠢᠷᠢᠨ ᠳᠤ ᠲᠤᠳᠤᠷᠠᠭᠰᠠᠨ ᠪᠠᠢᠢᠨ᠎ᠠ᠃

    ᠨᠠᠢᠢᠷᠠᠭ ᠤᠶᠠᠨᠭ᠍ᠭ᠎ᠠ ᠪᠡᠷ ᠰᠡᠳᠭᠢᠯ ᠶᠢᠡᠨ ᠠᠷᠢᠭᠤᠰᠬᠠᠵᠤ᠂ ᠨᠠᠮᠳᠠᠷ ᠲᠡᠤᠬᠡᠨ ᠳᠤ ᠮᠦᠨᠭ᠍ᠬᠡᠷᠡᠭᠰᠡᠨ ᠠᠪᠢᠶᠠᠰᠲᠠᠨ ᠶᠢᠡᠨ ᠲᠤᠷᠠᠰᠬᠠᠭᠰᠠᠨ ᠲᠤᠰ ᠤᠳᠠᠭᠠᠨ ᠤ ᠠᠵᠢᠯᠯᠠᠭᠠᠨ ᠠᠮᠵᠢᠯᠲᠠ ᠲᠡᠭᠦᠰ ᠮᠦᠷᠲᠡᠭᠡᠨ ᠠᠬᠤᠢᠢᠴᠢ ᠠᠴᠢ ᠬᠤᠯᠪᠤᠭᠳᠠᠯ ᠲᠠᠢ ᠪᠤᠯᠵᠤ ᠴᠢᠳᠠᠵᠠᠢ᠃ (ᠦᠨᠡᠨᠴᠢᠭᠦᠤ)

    (ᠲᠠᠲᠤᠯᠭ᠎ᠠ ᠶᠢᠨ ᠰᠤᠷᠤᠭᠴᠢ ᠬᠤᠷᠴᠠ ᠨᠠᠢᠢᠷᠠᠭᠤᠯᠪᠠ)

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119953931