蒙古文网站Logo
ᠰᠢᠨᠬᠤᠸᠠ ᠮᠤᠩᠭ᠋ᠤᠯ ᠨᠧᠲ

ᠡᠾᠸᠪᠸᠢ ᠶᠢᠨ ᠴᠸᠩᠳᠧ ᠱᠠᠩᠨᠠᠨ ᠨᠦᠬᠦᠪᠦᠷᠢᠯᠡᠬᠦ ᠲᠦᠷᠦ ᠶᠢᠨ ᠪᠤᠲᠤᠯᠭ᠎ᠠ ᠶᠢ ᠪᠦᠬᠦ ᠲᠠᠯ᠎ᠠ ᠪᠡᠷ ᠲᠤᠤᠱᠯᠠᠭᠤᠯᠵᠤ ᠲᠠᠯ᠎ᠠ ᠨᠤᠲᠤᠭ ᠤᠨ ᠠᠮᠢ ᠠᠬᠤᠢ ᠤᠷᠴᠢᠨ ᠢ ᠰᠡᠷᠭᠦᠭᠡᠨ᠎ᠠ

2016-12-07 16:55

    ᠡᠨᠡ ᠵᠢᠯ ᠡᠴᠡ ᠨᠠᠭᠠᠰᠢ ᠴᠸᠩᠳᠧ ᠬᠤᠲᠠ ᠲᠠᠯ᠎ᠠ ᠨᠤᠲᠤᠭ ᠤᠨ ᠠᠮᠢ ᠠᠬᠤᠢ ᠶᠢᠨ ᠶᠡᠷᠦᠩᠬᠡᠢᠢᠯᠡᠨ ᠵᠠᠰᠠᠬᠤ ᠢᠨᠵᠸᠨ᠋ᠸᠷᠢᠩ ᠢ ᠠᠬᠢᠭᠤᠯᠵᠤ᠂ ᠲᠠᠯ᠎ᠠ ᠨᠤᠲᠤᠭ ᠤᠨ ᠠᠮᠢ  ᠶᠢᠨ ᠱᠠᠡᠭᠨᠠᠨ ᠨᠦᠬᠦᠪᠦᠷᠢᠯᠡᠬᠦ ᠲᠦᠷᠦ ᠶᠢᠨ ᠪᠤᠲᠤᠯᠭ᠎ᠠ ᠶᠢ ᠲᠤᠤᠱᠯᠠᠭᠤᠯᠬᠤ ᠶᠢ ᠲᠦᠷᠭᠡᠳᠭᠡᠨ᠂ ᠲᠠᠯ᠎ᠠ ᠨᠤᠲᠤᠭ ᠤᠨ ᠠᠮᠢ ᠠᠬᠤᠢ ᠶᠢᠨ ᠪᠦᠲᠦᠭᠡᠨ ᠪᠠᠢᠢᠭᠤᠯᠤᠯᠲᠠ ᠳ᠋ᠤ ᠬᠦᠴᠦᠨ ᠪᠦᠬᠦᠢ ᠪᠠᠲᠤᠯᠠᠭ᠎ᠠ ᠬᠠᠩᠭ᠋ᠠᠪᠠ᠃ ᠤᠲᠤᠬᠠᠨ ᠳ᠋ᠤ᠂ ᠲᠡᠭᠡᠳᠦ ᠱᠠᠲᠤᠨ ᠡᠴᠡ 9.7 ᠳ᠋ᠦᠩᠰᠢᠭᠤᠷ ᠲᠦᠭᠦᠷᠢᠭ᠌ ᠤᠨ ᠲᠦᠷᠦ ᠶᠢᠨ ᠪᠤᠲᠤᠯᠭ᠎ᠠ ᠢᠢᠨ ᠴᠢᠨᠠᠷᠲᠠᠢ ᠪᠡᠯᠡ ᠮᠦᠩᠬᠦ ᠭᠤᠶᠤᠴᠢᠯᠠᠵᠤ᠂ 13.5 ᠳ᠋ᠦᠩᠰᠢᠭᠤᠷ ᠲᠦᠭᠦᠷᠢᠭ᠌ ᠭᠠᠷᠤᠢ ᠬᠦᠷᠦᠩᠭᠡ ᠤᠷᠤᠭᠤᠯᠵᠤ᠂ ᠵᠢᠯ ᠪᠦᠷᠢ ᠮᠠᠯᠴᠢᠨ ᠲᠠᠷᠢᠶᠠᠴᠢᠨ ᠳ᠋ᠤ ᠲᠦᠷᠦ ᠶᠢᠨ ᠪᠤᠲᠤᠯᠭ᠎ᠠ ᠶᠢᠨ ᠴᠢᠨᠠᠷᠲᠠᠢ ᠤᠷᠤᠯᠭ᠎ᠠ 792 ᠲᠦᠭᠦᠷᠢᠭ᠌ ᠤᠯᠭᠤᠵᠤ ᠪᠤᠢ᠃

    ᠡᠾᠸᠪᠸᠢ ᠮᠤᠵᠢ ᠶᠢᠨ ᠴᠸᠩᠳᠧ ᠬᠤᠲᠠ ᠶᠢᠨ ᠬᠢᠨ ᠲᠠᠯ᠎ᠠ ᠨᠤᠲᠤᠭ ᠤᠨ ᠠᠮᠢ ᠠᠬᠤᠢ ᠶᠢ ᠬᠠᠮᠠᠭᠠᠯᠠᠬᠤ ᠪᠦᠲᠦᠭᠡᠨ ᠪᠠᠢᠢᠭᠤᠯᠤᠯᠲᠠ ᠶᠢᠨ ᠲᠦᠰᠦᠯ ᠢ ᠭᠦᠨᠵᠡᠭᠡᠢ ᠬᠡᠷᠡᠭᠵᠢᠬᠦᠯᠵᠦ᠂ ᠪᠡᠯᠴᠢᠭᠡᠷᠯᠡᠬᠦᠯᠬᠦ ᠶᠢ ᠵᠤᠭᠰᠤᠭᠠᠵᠤ᠂ ᠬᠠᠰᠢᠶᠠᠯᠠᠨ ᠲᠡᠵᠢᠭᠡᠬᠦ ᠶᠢ ᠵᠤᠷᠢᠭᠵᠢᠭᠤᠯᠤᠨ᠂ ᠲᠠᠯ᠎ᠠ ᠨᠤᠲᠤᠭ ᠤᠨ ᠠᠮᠢ ᠠᠬᠤᠢ ᠶᠢᠨ ᠱᠠᠩᠨᠠᠨ ᠨᠦᠬᠦᠪᠦᠷᠢᠯᠡᠬᠦ ᠲᠦᠷᠦ ᠶᠢᠨ ᠪᠤᠲᠤᠯᠭ᠎ᠠ ᠶᠢ ᠯᠠᠪᠲᠠᠭᠤᠨ ᠪᠠᠲᠤᠲᠠᠢ ᠲᠤᠤᠱᠯᠠᠭᠤᠯᠵᠤ᠂ ᠲᠠᠯ᠎ᠠ ᠨᠤᠲᠤᠭ ᠤᠨ ᠠᠮᠢ ᠠᠬᠤᠢ ᠤᠷᠴᠢᠨ ᠲᠤᠭᠤᠷᠢᠨ ᠢ ᠰᠡᠷᠭᠦᠭᠡᠬᠦ ᠠᠵᠢᠯ ᠢ ᠬᠢᠵᠦ ᠪᠠᠢᠢᠨ᠎ᠠ᠃

ᠢᠷᠡᠯᠳᠡ᠄ ᠴᠸᠩᠳᠧ ᠶᠢᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
关闭
010070230030000000000000011120791120074235