蒙古文网站Logo
ᠰᠢᠨᠬᠤᠸᠠ ᠮᠤᠩᠭ᠋ᠤᠯ ᠨᠧᠲ

ᠭᠢᠷᠢᠨ᠄ ᠨᠤᠮ ᠪᠢᠴᠢᠭ᠌ ᠤᠨ ᠦᠨᠦᠷ ᠠᠮᠲᠠ ᠪᠡᠷ ᠪᠢᠯᠬᠠᠭᠰᠠᠨ ᠰᠢᠨ᠎ᠡ ᠤᠨ

2017-01-04 16:34

    ᠰᠢᠨᠬᠤᠸᠠ ᠬᠤᠷᠢᠶ᠎ᠠ   ᠴᠠᠩᠴᠦ᠋ᠨ ᠤ 1 ᠰᠠᠷ᠎᠎ᠠ ᠶᠢᠨ 2 ᠤᠨ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠵᠠᠩ ᠶᠢᠩ ) ᠤᠨ ᠠᠯᠤᠰᠯᠠᠭᠰᠠᠨ ᠦᠲᠡᠰᠢ ᠪᠡᠷ ᠭᠢᠷᠢᠨ ᠮᠤᠵᠢ ᠶᠢᠨ ᠨᠡᠢᠢᠲᠡ ᠨᠤᠮ ᠤᠨ ᠲᠡᠯᠭᠡᠭᠦᠷ ᠨᠤᠮ ᠤᠩᠰᠢᠵᠤ᠂ ᠪᠢᠴᠢᠭ᠌ ᠪᠢᠴᠢᠵᠦ ᠰᠢᠨ᠎ᠡ ᠤᠨ ᠶᠢᠡᠨ ᠤᠭᠲᠤᠬᠤ ᠠᠵᠢᠯᠯᠠᠭ᠎ᠠ ᠵᠤᠬᠢᠶᠠᠨ ᠪᠠᠢᠢᠭᠤᠯᠪᠠ᠃

    ᠭᠢᠷᠢᠨ ᠮᠤᠵᠢ ᠶᠢᠨ ᠰᠤᠨᠢᠨ ᠮᠡᠲᠡᠭᠡ ᠬᠡᠪᠯᠡᠯ ᠷᠠᠳᠢᠤ᠋ ᠲᠸᠯᠸᠢᠰ ᠲᠤᠪᠴᠢᠶ᠎ᠠ ᠡᠴᠡ ᠵᠤᠬᠢᠶᠠᠨ ᠪᠠᠢᠢᠭᠤᠯᠤᠭᠰᠠᠨ ᠨᠤᠮ ᠤᠩᠰᠢᠭᠰᠠᠨ ᠪᠤᠲᠤᠯ ᠲᠦᠷᠦᠭᠲᠡᠯ ᠶᠢᠡᠨ ᠬᠤᠪᠢᠶᠠᠯᠴᠠᠬᠤ ᠠᠵᠢᠯᠯᠠᠭ᠎ᠠ ᠨᠢ ᠤᠩᠰᠢᠭᠴᠢᠳ ᠤᠨ ᠠᠩᠬᠠᠷᠤᠯ ᠳ᠋ᠤ ᠬᠦᠷᠴᠦ᠂ ᠵᠠᠷᠢᠮ ᠪᠠᠢᠢᠭᠤᠯᠤᠯᠭ᠎ᠠ ᠨᠢᠭᠡᠴᠡ ᠶᠢᠨ ᠬᠢᠨ ᠪᠦᠯᠬᠦᠮ ᠵᠤᠬᠢᠶᠠᠨ ᠪᠠᠢᠢᠭᠤᠯᠵᠤ ᠤᠷᠤᠯᠴᠠᠭᠰᠠᠨ ᠶᠢᠡᠷ ᠪᠠᠷᠠᠬᠤ ᠦᠭᠡᠢ ᠪᠢᠴᠢᠬᠠᠨ ᠬᠡᠦᠬᠡᠳ ᠤᠨ ᠢᠲᠡᠪᠬᠢᠲᠡᠢ ᠤᠷᠤᠯᠴᠠᠯᠭ᠎ᠠ ᠨᠢ ᠠᠵᠢᠯᠯᠠᠭ᠎ᠠ ᠶᠢ ᠤᠯᠠᠮ ᠴᠤ ᠬᠦᠭ᠍ᠵᠢᠶᠠᠨ ᠲᠠᠢ ᠪᠤᠯᠭᠠᠪᠠ᠃

    ᠠᠵᠢᠯᠯᠠᠭ᠎ᠠ ᠶᠢᠨ ᠦᠶ᠎ᠠ ᠪᠡᠷ ᠭᠢᠷᠢᠨ ᠮᠤᠵᠢ ᠶᠢᠨ ᠨᠡᠷᠡᠲᠦ ᠵᠤᠬᠢᠶᠠᠯᠴᠢ ᠴᠤ ᠤᠷᠤᠯᠴᠠᠪᠠ᠃ ᠡᠭᠦᠨ ᠳ᠋ᠤ ᠲᠤᠮᠲᠠᠲᠤ ᠤᠯᠤᠰ ᠤᠨ ᠠᠷᠠᠳ ᠤᠨ ᠤᠷᠠᠯᠢᠭ ᠤᠨ ᠨᠡᠢᠢᠭᠡᠮᠯᠢᠭ᠌ ᠤᠨ ᠲᠡᠳ᠋ ᠲᠡᠷᠢᠭᠦᠯᠡᠭᠴᠢ᠂ ᠨᠡᠷᠡᠲᠦ ᠵᠤᠬᠢᠶᠠᠯᠴᠠᠢ ᠼᠤᠤ ᠪᠤᠤ ᠮᠢᠩ ᠠᠵᠢᠯᠯᠠᠭ᠎ᠠ ᠳ᠋ᠤ ᠤᠷᠤᠯᠴᠠᠭᠰᠠᠨ ᠶᠢᠡᠷ ᠪᠠᠷᠠᠬᠤ ᠦᠭᠡᠢ ᠦᠪᠡᠷ ᠤᠨ ᠶᠢᠡᠨ ᠰᠢᠨ᠎ᠡ ᠪᠡᠷ ᠵᠤᠬᠢᠶᠠᠨ ᠪᠦᠲᠦᠭᠡᠭ᠍ᠰᠡᠨ ᠰᠢᠨ᠎ᠡ ᠨᠤᠮ ᠶᠢᠡᠨ ᠤᠩᠰᠢᠭᠴᠢᠳ ᠲᠤ ᠬᠦᠷᠭᠡᠪᠡ᠃

    ᠪᠦᠬᠦᠢᠢᠯᠡ ᠠᠵᠢᠯᠯᠠᠭ᠎ᠠ ᠨᠢ 2016 ᠤᠨ ᠤ 12 ᠰᠠᠷ᠎ᠠ ᠶᠢᠨ 31 ᠤ ᠡᠲᠦᠷ ᠡᠴᠡ 2017 ᠤᠨ ᠤ 1 ᠰᠠᠷ᠎ᠠ ᠶᠢᠨ 1 ᠤ ᠦᠦᠷ ᠤᠨ 1 ᠴᠠᠭ ᠪᠤᠯᠲᠠᠯ᠎ᠠ ᠶᠠᠪᠤᠭᠲᠠᠪᠠ᠃ ᠬᠠᠮᠢᠶᠠᠲᠠᠢ ᠰᠠᠯᠠᠭ᠎ᠠ ᠮᠦᠴᠢᠷ ᠤᠨ ᠲᠠᠨᠢᠯᠴᠠᠭᠤᠯᠤᠭᠰᠠᠨ ᠶᠢᠡᠷ ᠡᠨᠡᠬᠦ ᠠᠵᠢᠯᠯᠠᠭ᠎ᠠ ᠨᠢ ᠭᠢᠷᠢᠨ ᠮᠤᠵᠢ ᠶᠢᠨ 20 ᠨᠤᠮ  ᠤᠨ ᠲᠡᠯᠭᠡᠭᠦᠷ ᠲᠤ ᠨᠢᠭᠡᠨ ᠵᠡᠷᠭᠡ ᠪᠡᠷ ᠶᠠᠪᠤᠭᠲᠠᠵᠤ᠂ 10 ᠭᠠᠷᠤᠢ ᠲᠦᠮᠡᠨ ᠬᠦᠮᠦᠨ ᠤ ᠤᠷᠤᠯᠴᠠᠯᠭ᠎ᠠ ᠲᠠᠢ᠂ 500 ᠲᠦᠮᠡᠨ ᠬᠦᠮᠦᠨ ᠢ ᠬᠠᠮᠤᠷᠤᠭᠰᠠᠨ ᠪᠦᠬᠦ ᠢᠷᠭᠡᠳ ᠤᠨ ᠨᠤᠮ ᠤᠩᠰᠢᠬᠤ ᠶᠢ ᠲᠠᠢᠢᠴᠢᠯᠠᠭᠰᠠᠨ ᠤᠳᠬ᠎ᠠ ᠠᠭᠤᠯᠭ᠎ᠠ ᠲᠠᠢ ᠠᠵᠢᠯᠯᠠᠭ᠎ᠠ ᠪᠤᠯᠤᠭᠰᠠᠨ ᠭᠡᠵᠡᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011120791120244983