蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ᠄ ᠢᠷᠡᠬᠦ ᠭᠤᠷᠪᠠᠨ ᠬᠤᠨᠤᠭ ᠲᠤ ᠶᠡᠬᠡᠩᠬᠢ ᠭᠠᠵᠠᠷ ᠲᠤ ᠬᠦᠢᠲᠡᠷᠡᠨ᠎ᠡ

2017-01-06 17:30

    ᠰᠢᠨᠬᠤᠸᠠ ᠮᠤᠩᠭ᠋ᠤᠯ ᠨᠸᠲ   ᠬᠦᠬᠡᠬᠤᠲᠠ ᠶᠢᠨ 1 ᠰᠠᠷ᠎ᠠ ᠶᠢᠨ 6 ᠤ ᠡᠲᠦᠷ ᠤᠨ ᠴᠠᠬᠢᠯᠭᠠᠨ ᠮᠡᠲᠡᠭᠡ ( ᠬ᠂ ᠦᠵᠡᠰᠭᠦᠯᠡᠩ ) ᠦᠪᠦᠷ ᠮᠤᠩᠭ᠋ᠤᠯ ᠤᠨ ᠴᠠᠭ ᠠᠭᠤᠷ ᠤᠨ ᠬᠤᠷᠢᠶᠠᠨ ᠤ ᠦᠨᠦᠲᠦᠷ ᠤᠨ 8᠄ 00 ᠴᠠᠭ ᠲᠤ ᠤᠷᠢᠳᠴᠢᠯᠠᠭᠰᠠᠨ ᠲᠤᠭᠠᠴᠠᠭᠠᠯᠠᠭᠰᠠᠨ ᠴᠠᠭ ᠠᠭᠠᠷ ᠤᠨ ᠮᠡᠲᠡᠭᠡᠯᠡᠯ ᠢ ᠦᠨᠳᠦᠰᠦᠯᠡᠪᠡᠯ᠂ ᠦᠨᠦᠲᠦᠷ ᠡᠴᠡ ᠮᠠᠷᠭᠠᠰᠢ ᠪᠤᠯᠲᠠᠯ᠎ᠠ ᠦᠪᠦᠷ ᠮᠤᠩᠭ᠋ᠤᠯ ᠤᠨ ᠪᠠᠷᠠᠭᠤᠨ ᠬᠡᠰᠡᠭ ᠲᠤ ᠡᠬᠦᠯᠡ ᠲᠠᠢ᠂ ᠤᠷᠲᠤᠰ ᠤᠨ ᠵᠡᠬᠦᠨ ᠬᠤᠢᠢᠲᠤ ᠬᠡᠰᠡᠭ᠂ ᠪᠤᠭᠤᠲᠤ᠂ ᠬᠦᠬᠡᠬᠤᠲᠠ᠂ ᠰᠢᠯᠢ ᠶᠢᠨ ᠭᠤᠤᠯ ᠤᠨ ᠡᠮᠦᠨ᠎ᠡ ᠬᠡᠰᠡᠭ᠂ ᠤᠯᠠᠭᠠᠨᠬᠠᠲᠠ ᠶᠢᠨ ᠪᠠᠷᠠᠭᠤᠨ ᠬᠡᠰᠡᠭ ᠲᠤ ᠪᠠᠭ᠎ᠠ ᠴᠠᠰᠤ ᠤᠷᠤᠬᠤ ᠪᠤᠶᠤ ᠪᠤᠷᠤᠭᠠᠨ ᠴᠠᠰᠤ ᠬᠤᠯᠢᠯᠲᠤᠨ ᠤᠷᠤᠨ᠎ᠠ᠂ ᠤᠯᠠᠭᠠᠨᠴᠠᠪ ᠤᠨ ᠪᠠᠷᠠᠭᠤᠨ ᠡᠮᠦᠨ᠎ᠡ ᠬᠡᠰᠡᠭ ᠲᠤ ᠲᠤᠮᠲᠠ ᠵᠡᠷᠭᠡ ᠶᠢᠨ ᠴᠠᠰᠤ ᠤᠷᠤᠨ᠎ᠠ᠃ ᠵᠡᠬᠦᠨ ᠬᠤᠢᠢᠲᠤ ᠬᠡᠰᠡᠭ ᠲᠤ ᠪᠠᠷᠠᠭᠤᠨ ᠬᠤᠢᠢᠨ᠎ᠠ ᠡᠴᠡ 4-5 ᠲᠡᠰ ᠤᠨ ᠰᠠᠯᠬᠢ ᠲᠠᠢ᠂ ᠪᠤᠰᠤᠳ ᠭᠠᠵᠠᠷ ᠲᠤ ᠵᠡᠬᠦᠨ ᠬᠤᠢᠢᠨ᠎ᠠ ᠡᠴᠡ 3 - 4 ᠲᠡᠰ ᠶᠢᠡᠷ ᠰᠠᠯᠬᠢᠯᠠᠵᠤ ᠪᠠᠢᠢᠭᠰᠠᠨ ᠶᠢᠡᠨ ᠪᠠᠷᠠᠭᠤᠨ ᠬᠤᠢᠢᠨ᠎ᠠ ᠡᠴᠡ ᠰᠠᠯᠬᠢᠯᠠᠨ᠎ᠠ᠃ ᠪᠠᠷᠠᠭᠤᠨ ᠬᠡᠰᠡᠭ᠂ ᠵᠡᠬᠦᠨ ᠬᠡᠰᠡᠭ ᠤᠨ ᠡᠮᠦᠨᠡᠭᠦᠷ ᠭᠠᠵᠠᠷ ᠲᠤ 4 -6 ᠭ᠍ᠷᠠᠳᠦ᠋ᠰ ᠬᠦᠢᠲᠡᠷᠡᠵᠦ᠂ ᠲᠤᠮᠲᠠ ᠬᠡᠰᠡᠭ ᠲᠤ 6 – 8 ᠭ᠍ᠷᠠᠳᠦ᠋ᠰ ᠬᠦᠢᠲᠡᠷᠡᠨ᠎ᠡ᠃

    ᠮᠠᠷᠭᠠᠰᠢ ᠡᠴᠡ ᠨᠦᠬᠦᠭᠡᠲᠦᠷ ᠪᠤᠯᠲᠠᠯ᠎ᠠ ᠤᠯᠠᠭᠠᠨᠴᠠᠪ ᠤᠨ ᠵᠡᠬᠦᠨ ᠡᠮᠦᠨ᠎ᠡ ᠬᠡᠰᠡᠭ᠂ ᠰᠢᠯᠢ ᠶᠢᠨ ᠭᠤᠤᠯ ᠤᠨ ᠡᠮᠦᠨ᠎ᠡ ᠬᠡᠰᠡᠭ᠂ ᠤᠯᠠᠭᠠᠨᠬᠠᠲᠠ ᠶᠢᠨ ᠪᠠᠷᠠᠭᠤᠨ ᠬᠡᠰᠡᠭ ᠲᠤ ᠡᠭᠦᠯᠡ ᠲᠠᠢ᠂ ᠪᠠᠭ᠎ᠠ ᠴᠠᠰᠤ ᠤᠷᠤᠨ᠎ᠠ᠃ ᠪᠤᠰᠤᠳ ᠭᠠᠵᠠᠷ ᠲᠤ ᠡᠭᠦᠯᠡᠰᠢᠨ᠎ᠡ᠃ ᠵᠡᠬᠦᠨ ᠬᠤᠢᠢᠲᠤ ᠬᠡᠰᠡᠭ ᠲᠤ ᠬᠤᠢᠢᠨ᠎ᠠ ᠡᠴᠡ 4 – 5 ᠲᠡᠰ ᠤᠨ ᠰᠠᠯᠬᠢ ᠲᠠᠢ᠂ ᠪᠤᠰᠤᠳ ᠭᠠᠵᠠᠷ ᠲᠤ ᠪᠠᠷᠠᠭᠤᠨ ᠬᠤᠢᠢᠨ᠎ᠠ ᠡᠴᠡ 3 – 4 ᠲᠡᠰ ᠤᠨ ᠰᠠᠯᠬᠢ ᠲᠠᠢ᠃

    1 ᠰᠠᠷ᠎ᠠ ᠶᠢᠨ 8 ᠤ ᠡᠲᠦᠷ ᠡᠴᠡ 9 ᠤ ᠡᠲᠦᠷ ᠪᠤᠯᠲᠠᠯ᠎ᠠ ᠵᠡᠬᠦᠨ ᠬᠡᠰᠡᠭ ᠤᠨ ᠬᠤᠢᠢᠳᠦ ᠪᠡᠶ᠎ᠠ ᠪᠠᠷ ᠡᠬᠦᠯᠡ ᠲᠠᠢ᠂ ᠬᠦᠯᠦᠨ ᠪᠤᠢᠢᠷ ᠤᠨ ᠬᠤᠢᠢᠲᠤ ᠬᠡᠰᠡᠭ ᠲᠤ ᠪᠠᠭ᠎ᠠ ᠴᠠᠰᠤ ᠤᠷᠤᠨ᠎ᠠ᠂ ᠪᠤᠰᠤᠳ ᠭᠠᠵᠠᠷ ᠲᠤ ᠡᠭᠦᠯᠡᠰᠢᠨ᠎ᠡ᠃ ᠵᠡᠬᠦᠨ ᠬᠡᠰᠡᠭ ᠲᠤ ᠲᠦᠷ ᠵᠠᠭᠤᠷ᠎ᠠ ᠪᠠᠷᠠᠭᠤᠨ ᠬᠤᠢᠢᠨ᠎ᠠ ᠡᠴᠡ 4 – 5 ᠲᠡᠰ ᠰᠠᠯᠬᠢᠯᠠᠵᠤ ᠪᠠᠢᠢᠭᠰᠠᠨ ᠶᠢᠡᠨ 6 ᠲᠡᠰ ᠶᠢᠡᠷ ᠰᠠᠯᠬᠢᠯᠠᠨ᠎ᠠ᠃ ᠲᠤᠮᠲᠠ ᠬᠡᠰᠡᠭ ᠲᠤ ᠪᠠᠷᠠᠭᠤᠨ ᠬᠤᠢᠢᠨ᠎ᠠ ᠡᠴᠡ 3 – 4 ᠲᠡᠰ ᠶᠢᠡᠷ ᠰᠠᠯᠬᠢᠯᠠᠵᠤ ᠪᠠᠢᠢᠭᠰᠠᠨ ᠶᠢᠡᠷ 4 – 5 ᠲᠡᠰ ᠶᠢᠡᠷ ᠰᠠᠯᠬᠢᠯᠠᠨ᠎ᠠ᠃ ᠪᠤᠰᠤᠳ ᠭᠠᠵᠠᠷ ᠲᠤ ᠪᠠᠷᠠᠭᠤᠨ ᠬᠤᠢᠢᠨ᠎ᠠ ᠡᠴᠡ 3 – 4 ᠲᠡᠰ ᠤᠨ ᠰᠠᠯᠬᠢ ᠲᠠᠢ᠃ ᠲᠤᠮᠲᠠ ᠬᠡᠰᠡᠭ ᠲᠤ 4 -6 ᠭ᠍ᠷᠠᠳᠦ᠋ᠰ ᠬᠦᠢᠲᠡᠷᠡᠵᠦ᠂ ᠵᠡᠬᠦᠨ ᠬᠡᠰᠡᠭ ᠲᠤ 6 – 8 ᠭ᠍ᠷᠠᠳᠦ᠋ᠰ ᠬᠦᠢᠲᠡᠷᠡᠵᠦ᠂ ᠵᠡᠬᠦᠨ ᠬᠤᠢᠢᠲᠤ ᠬᠡᠰᠡᠭ ᠲᠤ 8 – 10 ᠭ᠍ᠷᠠᠳᠦ᠋ᠰ ᠬᠦᠢᠲᠡᠷᠡᠨ᠂ ᠵᠠᠷᠢᠮ ᠭᠠᠵᠠᠷ ᠲᠤ 10 ᠭ᠍ᠷᠠᠳᠦ᠋ᠰ ᠡᠴᠡ ᠲᠡᠭᠡᠭ᠍ᠰᠢ ᠬᠦᠢᠲᠡᠷᠡᠬᠦ ᠪᠤᠯᠤᠨ᠎ᠠ᠃

ᠢᠷᠡᠯᠳᠡ᠄ ᠰᠢᠨᠬᠤᠸᠠ ᠮᠤᠩᠭ᠋ᠤᠯ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011120791120261391