蒙古文网站Logo
ᠰᠢᠨᠬᠤᠸᠠ ᠮᠤᠩᠭ᠋ᠤᠯ ᠨᠧᠲ

ᠬᠠᠷᠠᠮᠦ᠋ᠷᠡᠨ ᠮᠤᠵᠢ ᠶᠠᠲᠠᠭᠤ ᠬᠦᠴᠢᠷᠲᠡᠯᠲᠡᠢ ᠤᠯᠠᠨ ᠲᠦᠮᠡᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ ᠪᠤᠯᠤᠨ᠎ᠠ

2017-02-27 15:55

    ᠰᠤᠷᠪᠤᠯᠵᠢᠯᠠᠭᠴᠢ ᠬᠠᠷᠠᠮᠦ᠋ᠷᠡᠨ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ ᠡᠴᠡ ᠤᠢᠢᠯᠠᠭᠠᠭᠰᠠᠨ ᠶᠢᠡᠷ᠂ 2017 ᠤᠨ ᠳ᠋ᠤ ᠬᠠᠷᠠᠮᠦ᠋ᠷᠡᠨ ᠮᠤᠵᠢ ᠶᠡᠬᠡ ᠬᠢᠩᠭ᠋ᠠᠨ ᠲᠠᠪᠠᠭᠠᠨ ᠤ ᠡᠮᠦᠨ᠎ᠡ ᠪᠡᠯ ᠤᠨ ᠶᠠᠲᠠᠭᠤ ᠬᠦᠴᠢᠷᠲᠡᠯ ᠲᠠᠢ ᠤᠷᠤᠨ ᠪᠦᠰᠡ ᠪᠠ ᠤᠯᠤᠰ ᠤᠨ ᠨᠡᠬᠡᠬᠡᠨ ᠬᠦᠭ᠍ᠵᠢᠬᠦᠯᠬᠦ ᠭᠤᠤᠯᠲᠠᠯᠭ᠎ᠠ ᠲᠠᠢ ᠰᠢᠶᠠᠨ ᠤ ᠤᠤᠭᠤᠬᠤ ᠤᠰᠤᠨ ᠤ ᠢᠨᠵᠸᠨ᠋ᠸᠷᠢᠩ ᠤᠨ ᠪᠠᠢᠢᠭᠤᠯᠤᠯᠲᠠ ᠶᠢ ᠲᠡᠭᠡᠭ᠍ᠰᠢᠯᠡᠬᠦᠯᠵᠦ᠂ ᠭᠠᠨ ᠨᠠᠨ ᠰᠢᠶᠠᠨ ᠵᠡᠷᠭᠡ ᠤᠯᠤᠰ ᠤᠨ ᠵᠡᠷᠭᠡᠯᠡᠯ ᠤᠨ 7 ᠶᠠᠲᠠᠭᠤ ᠬᠦᠴᠢᠷᠲᠡᠯᠲᠡᠢ ᠰᠢᠶᠠᠨ ᠪᠠ ᠮᠦ ᠯᠠᠨ ᠰᠢᠶᠠᠨ ᠵᠡᠷᠭᠡ ᠮᠤᠵᠢ ᠶᠢᠨ ᠵᠡᠷᠭᠡᠯᠡᠯ ᠤᠨ 8 ᠶᠠᠲᠠᠭᠤ ᠬᠦᠴᠢᠷᠲᠡᠯᠲᠡᠢ ᠰᠢᠶᠠᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠨ᠂ 600 ᠶᠠᠲᠠᠭᠤ ᠬᠦᠴᠢᠷᠲᠡᠯᠲᠡᠢ ᠲᠤᠰᠬᠤᠨ ᠢ ᠶᠠᠲᠠᠭᠤ ᠡᠴᠡ ᠠᠩᠬᠢᠵᠢᠷᠠᠭᠤᠯᠬᠤ ᠪᠤᠯᠤᠨ᠎ᠠ᠃

    ᠤᠢᠢᠯᠠᠭᠠᠭᠰᠠᠨ ᠶᠢᠡᠷ᠂ 《135》ᠲᠦᠰᠦᠯ ᠤᠨ ᠬᠤᠭᠤᠴᠠᠭᠠᠨ ᠳ᠋ᠤ ᠬᠠᠷᠠᠮᠦ᠋ᠷᠡᠨ ᠮᠤᠵᠢ ᠤᠤᠭᠤᠬᠤ ᠤᠰᠤᠨ ᠤ ᠠᠮᠤᠷ ᠲᠦᠪᠰᠢᠨ ᠤ ᠢᠨᠵᠸᠨ᠋ᠸᠷᠢᠩ ᠳ᠋ᠤ 31.5 ᠳ᠋ᠦᠩᠰᠢᠭᠤᠷ ᠲᠦᠭᠦᠷᠢᠭ᠌ ᠤᠨ ᠬᠦᠷᠦᠩᠭᠡ ᠤᠷᠤᠭᠤᠯᠵᠤ᠂ ᠲᠦᠰᠦᠭᠡᠯᠡᠬᠦ ᠪᠡᠷ 2020 ᠤᠨ ᠪᠤᠯᠲᠠᠯ᠎ᠠ ᠠᠶᠤᠯᠬᠦᠢ ᠲᠦᠭᠡᠭᠡᠯ ᠤᠰᠤ ᠬᠠᠩᠭ᠋ᠠᠬᠤ ᠬᠡᠮᠵᠢᠶ᠎ᠠ ᠶᠢ 95ᠪᠤᠯᠭᠠᠨ᠎ᠠ᠃

ᠢᠷᠡᠯᠳᠡ᠄ ᠬᠠᠷᠠᠮᠦ᠋ᠷᠡᠨ ᠤ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120791120537387