蒙古文网站Logo
ᠰᠢᠨᠬᠤᠸᠠ ᠮᠤᠩᠭ᠋ᠤᠯ ᠨᠧᠲ

ᠰᠢᠨᠵᠢᠶᠠᠩ ᠡᠨᠡ ᠤᠨ ᠳ᠋ᠤ ᠴᠦᠬᠡᠨ ᠲᠤᠭᠠᠲᠤ ᠦᠨᠳᠦᠰᠦᠲᠡᠨ ᠤ 400 ᠰᠢᠨᠵᠢᠯᠡᠬᠦ ᠤᠬᠠᠭᠠᠨ ᠲᠸᠭ᠍ᠨᠤᠯᠤᠬᠢ ᠶᠢᠨ ᠭᠤᠤᠯᠯᠠᠬᠤ ᠴᠢᠲᠠᠪᠤᠷᠢᠲᠠᠨ ᠢ ᠤᠨᠴᠠ ᠬᠠᠷᠠᠭᠠᠯᠵᠠᠨ ᠪᠤᠯᠪᠠᠰᠤᠷᠠᠯ ᠬᠦᠷᠲᠡᠭᠡᠬᠦ ᠪᠡᠷ ᠪᠤᠢ

2017-02-28 17:26

    ᠰᠤᠷᠪᠤᠯᠵᠢᠯᠠᠭᠴᠢ ᠰᠢᠨᠵᠢᠶᠠᠩ ᠤᠨ ᠤᠢᠢᠭᠤᠷ ᠤᠨ ᠦᠪᠡᠷᠲᠡᠭᠡᠨ ᠵᠠᠰᠠᠬᠤ ᠤᠷᠤᠨ ᠤ ᠬᠦᠮᠦᠨ ᠤ ᠨᠦᠬᠡᠴᠡ ᠪᠠ ᠨᠡᠢᠢᠭᠡᠮ ᠤᠨ ᠪᠠᠲᠤᠯᠠᠭᠠᠨ ᠤ ᠲᠢᠩᠬᠢᠮ ᠡᠴᠡ ᠤᠢᠢᠯᠠᠭᠠᠭᠰᠠᠨ ᠶᠢᠡᠷ᠂ ᠤᠢᠢᠷ᠎ᠠ ᠶᠢᠨ ᠬᠤᠭᠤᠴᠠᠭᠠᠨ ᠳ᠋ᠤ ᠰᠢᠨᠵᠢᠶᠠᠩ ᠴᠦᠬᠡᠨ ᠲᠤᠭᠠᠲᠤ ᠦᠨᠳᠦᠰᠦᠲᠡᠨ ᠤ 400 ᠰᠢᠨᠵᠢᠯᠡᠬᠦ ᠤᠬᠠᠭᠠᠨ ᠲᠸᠭ᠍ᠨᠤᠯᠤᠬᠢ ᠶᠢᠨ ᠭᠤᠤᠯᠯᠠᠬᠤ ᠴᠢᠲᠠᠪᠤᠷᠢᠲᠠᠨ ᠳ᠋ᠤ ᠤᠨᠴᠠ ᠬᠠᠷᠠᠭᠠᠯᠵᠠᠯ ᠦᠵᠡᠬᠦᠯᠵᠦ᠂ ᠡᠭᠦᠨ ᠳ᠋ᠤ 200 ᠬᠦᠮᠦᠨ ᠢ ᠤᠯᠤᠰ ᠤᠨ ᠲᠤᠲᠤᠭᠠᠲᠤ ᠶᠢᠨ ᠬᠦᠭ᠍ᠵᠢᠭᠰᠡᠨ ᠤᠷᠤᠨ ᠳ᠋ᠤ ᠲᠤᠮᠢᠯᠠᠨ ᠰᠤᠷᠤᠯᠴᠠᠭᠤᠯᠵᠤ᠂ ᠪᠤᠰᠤᠳ 200 ᠬᠦᠮᠦᠨ ᠢ ᠰᠢᠨᠵᠢᠶᠠᠩ ᠳ᠋ᠤ ᠪᠤᠯᠪᠠᠰᠤᠷᠠᠯ ᠬᠦᠷᠲᠡᠭᠡᠬᠦ ᠪᠤᠯᠤᠨ᠎ᠠ᠃

    ᠦᠪᠡᠷᠲᠡᠭᠡᠨ ᠵᠠᠰᠠᠬᠤ ᠤᠷᠤᠨ ᠤ ᠡᠯ᠎ᠡ ᠲᠦᠷᠦᠯ ᠤᠨ ᠠᠵᠤ ᠠᠬᠤᠢᠢᠯᠠᠯ᠂ ᠠᠵᠢᠯ ᠦᠢᠯᠡᠰ ᠤᠨ ᠪᠠᠢᠢᠭᠤᠯᠤᠯᠭ᠎ᠠ ᠨᠢᠭᠡᠴᠡ ( ᠨᠡᠢᠢᠲᠡ ᠶᠢᠨ ᠦᠮᠴᠢᠯᠡᠯ ᠤᠨ ᠪᠤᠰᠤ ᠠᠵᠤ ᠠᠬᠤᠢᠢᠯᠠᠯ) ᠳ᠋ᠤ ᠮᠡᠷᠭᠡᠵᠢᠯ ᠤᠨ ᠠᠵᠢᠯ ᠬᠢᠵᠦ ᠪᠦᠬᠦᠢ ᠴᠦᠬᠡᠨ ᠲᠤᠭᠠᠲᠤ ᠦᠨᠳᠦᠰᠦᠲᠡᠨ ᠤ ᠢᠲᠡᠷ ᠵᠠᠯᠠᠭᠤ ᠴᠢᠲᠠᠪᠤᠷᠢᠲᠠᠨ᠂ ᠡᠮᠦᠨ᠎ᠡ ᠰᠢᠨᠵᠢᠶᠠᠩ ᠤᠨ ᠲᠦᠷᠪᠠᠨ ᠵᠸᠦ ᠶᠢᠨ ᠬᠡᠰᠡᠭ ᠬᠢᠲᠠᠳ ᠦᠨᠳᠦᠰᠦᠲᠡᠨ ᠤ ᠢᠲᠡᠷ ᠵᠠᠯᠠᠭᠤ ᠴᠢᠲᠠᠪᠤᠷᠢᠲᠠᠨ ᠡᠨᠡᠬᠦ ᠪᠤᠯᠪᠠᠰᠤᠷᠠᠯ ᠳ᠋ᠤ ᠤᠷᠤᠯᠴᠠᠬᠤ ᠪᠤᠯᠤᠮᠵᠢ ᠲᠠᠢ᠃

    ᠡᠷᠡᠬᠦᠯ ᠬᠠᠮᠠᠭᠠᠯᠠᠯ᠂ ᠰᠤᠷᠭᠠᠨ ᠬᠦᠮᠦᠵᠢᠯ᠂ ᠲᠠᠷᠢᠶᠠᠯᠠᠩ ᠵᠡᠷᠭᠡ ᠶᠢᠨ ᠰᠠᠭᠤᠷᠢᠨ ᠳ᠋ᠤ ᠨᠡᠬᠦᠷᠡᠰᠦ᠂ ᠡᠷᠴᠢᠮ ᠬᠦᠴᠦ᠂ ᠬᠢᠮᠢ ᠶᠢᠨ ᠠᠵᠤ ᠦᠢᠯᠡᠳᠪᠦᠷᠢ᠂ ᠴᠢᠯᠠᠭᠤᠨ ᠲᠤᠰᠤ᠂ ᠠᠭᠤᠷᠬᠠᠢ ᠬᠠᠢᠢᠨ ᠢᠯᠡᠷᠡᠬᠦᠯᠬᠦ᠂ ᠨᠡᠬᠡᠬᠡᠨ ᠠᠰᠢᠭᠯᠠᠬᠤ᠂ ᠵᠠᠮ ᠲᠡᠭᠡᠭᠡᠪᠦᠷᠢ᠂ ᠠᠶᠠᠯᠠᠯ ᠵᠢᠭᠤᠯᠴᠢᠯᠠᠯ᠂ ᠨᠡᠬᠡᠮᠡᠯ ᠵᠡᠷᠭᠡ ᠰᠠᠯᠪᠤᠷᠢ ᠳ᠋ᠤ ᠲᠤᠮᠢᠯᠠᠨ ᠭᠤᠤᠯᠲᠠᠯᠭ᠎ᠠ ᠲᠠᠢ ᠰᠤᠷᠤᠯᠴᠠᠭᠤᠯᠬᠤ ᠪᠤᠯᠤᠨ᠎ᠠ᠃

ᠢᠷᠡᠯᠳᠡ᠄ ᠰᠢᠨᠵᠢᠶᠠᠩ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120791120545258