蒙古文网站Logo
ᠰᠢᠨᠬᠤᠸᠠ ᠮᠤᠩᠭ᠋ᠤᠯ ᠨᠧᠲ

ᠬᠦᠬᠡᠨᠠᠭᠤᠷ ᠤᠨ ᠤᠰᠤᠨ ᠤ ᠲᠦᠪᠰᠢᠨ ᠦᠷᠬᠦᠯᠵᠢᠯᠡᠨ ᠲᠡᠭᠡᠭ᠍ᠰᠢᠯᠡᠪᠡ

2017-03-07 10:50

    ᠰᠢᠨᠬᠤᠸᠠ ᠬᠤᠷᠢᠶ᠎ᠠ   ᠰᠢᠨᠢᠩ ᠤᠨ 3 ᠰᠠᠷ᠎ᠠ ᠶᠢᠨ 6 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠵᠠᠩ ᠳ᠋ᠠ ᠴᠤᠸᠠᠨ ) ᠬᠦᠬᠡᠨᠠᠭᠤᠷ ᠮᠤᠵᠢ ᠶᠢᠨ ᠠᠭᠤᠷ ᠠᠮᠢᠰᠬᠤᠯ ᠤᠨ ᠲᠦᠪ ᠵᠢᠴᠢ ᠬᠦᠬᠡᠨᠠᠭᠤᠷ ᠮᠤᠵᠢ ᠶᠢᠨ ᠤᠰᠤ ᠰᠢᠨᠵᠢᠯᠡᠭᠡ ᠤᠰᠤᠨ ᠡᠬᠢ ᠪᠠᠶᠠᠯᠢᠭ ᠬᠠᠢᠢᠨ ᠪᠠᠢᠢᠴᠠᠭᠠᠬᠤ ᠬᠢᠨᠡᠨ ᠬᠡᠮᠵᠢᠬᠦ ᠲᠤᠪᠴᠢᠶ᠎ᠠ ᠶᠢᠨ ᠬᠢᠨᠠᠨ ᠬᠡᠮᠵᠢᠭᠰᠡᠨ ᠮᠠᠲ᠋ᠸᠷᠢᠶᠠᠯ ᠳ᠋ᠤ ᠦᠵᠡᠬᠦᠯᠦᠭᠰᠡᠨ ᠶᠢᠡᠷ᠂ ᠰᠡᠬᠦᠯ ᠤᠨ 10 ᠵᠢᠯ ᠳ᠋ᠤ ᠬᠦᠬᠡᠨᠠᠭᠤᠷ ᠤᠨ ᠤᠰᠤᠨ ᠤ ᠲᠦᠪᠰᠢᠨ ᠦᠷᠬᠦᠯᠵᠢᠯᠡᠨ ᠲᠡᠭᠡᠭ᠍ᠰᠢᠯᠡᠵᠦ᠂ 20 ᠳ᠋ᠤᠭᠠᠷ ᠵᠠᠭᠤᠨ ᠤ ᠲᠠᠯᠠᠭᠠᠳ ᠤᠨ ᠤ ᠰᠡᠬᠦᠯᠴᠢ ᠶᠢᠨ ᠲᠦᠪᠰᠢᠨ ᠳ᠋ᠤ ᠬᠦᠷᠪᠡ᠃

    ᠬᠦᠬᠡᠨᠠᠭᠤᠷ ᠮᠤᠵᠢ ᠶᠢᠨ ᠠᠭᠤᠷ ᠠᠮᠢᠰᠬᠤᠯ ᠤᠨ ᠲᠦᠪ ᠤᠨ ᠲᠡᠭᠡᠳᠦ ᠲᠡᠰ ᠤᠨ ᠢᠨᠵᠸᠨ᠋ᠸᠷ ᠳ᠋ᠠᠢ ᠱᠸᠩ ᠤᠨ ᠲᠠᠨᠢᠯᠴᠠᠭᠤᠯᠤᠭᠰᠠᠨ ᠶᠢᠡᠷ᠂ 2005 ᠤᠨ ᠡᠴᠡ ᠡᠬᠢᠯᠡᠨ ᠬᠦᠬᠡᠨᠠᠭᠤᠷ ᠤᠨ ᠤᠰᠤᠨ ᠤ ᠲᠦᠪᠰᠢᠨ ᠮᠡᠲᠡᠭᠲᠡᠮ᠎ᠡ ᠲᠡᠭᠡᠭ᠍ᠰᠢᠯᠡᠬᠦ ᠬᠠᠨᠲᠤᠰᠢ ᠲᠠᠢ ᠪᠠᠢᠢᠵᠤ᠂ ᠵᠢᠯ ᠤᠨ ᠲᠤᠮᠲᠠᠴᠢ ᠲᠤᠨᠲᠠᠰᠤᠨ ᠤ ᠬᠡᠮᠵᠢᠶ᠎ᠠ 1961 ᠤᠨ ᠡᠴᠡ 2004 ᠤᠨ ᠤ ᠬᠤᠭᠤᠷᠤᠨᠲᠤ 358.8 ᠮᠢᠯᠢᠮ᠋ᠸᠲ᠋ᠷ ᠪᠠᠢᠢᠭᠰᠠᠨ ᠶᠢᠡᠨ 2005 ᠤᠨ ᠡᠴᠡ 2016 ᠤᠨ ᠤ ᠬᠤᠭᠤᠷᠤᠨᠲᠤ 421.8 ᠮᠢᠯᠢᠮ᠋ᠸᠲ᠋ᠷ ᠪᠤᠯᠵᠤ᠂ ᠬᠤᠶᠠᠷ ᠲᠠᠬᠢᠨ ᠤᠷᠴᠢᠮ ᠨᠡᠮᠡᠭᠲᠡᠪᠡ ᠭᠡᠵᠡᠢ᠃

    ᠬᠦᠬᠡᠨᠠᠭᠤᠷ ᠮᠤᠵᠢ ᠶᠢᠨ ᠤᠯᠤᠰ ᠲᠠᠶᠠᠭᠠᠷ ᠤᠨ ᠭᠠᠵᠠᠷ ᠰᠢᠷᠤᠢ ᠶᠢᠨ ᠤᠯᠤᠰ ᠤᠨ ᠪᠠᠢᠢᠲᠠᠯ ᠤᠨ ᠠᠩᠬᠠᠨ ᠤ ᠪᠠᠢᠢᠴᠠᠭᠠᠯᠲᠠ ᠶᠢᠨ ᠳ᠋ᠦᠩ ᠳ᠋ᠤ᠂ 2016 ᠤᠨ ᠤ 9 ᠰᠠᠷ᠎ᠠ ᠳ᠋ᠤ ᠬᠦᠬᠡᠨᠠᠭᠤᠷ ᠤᠨ ᠲᠠᠯᠠᠪᠠᠢ 4429.3 ᠺᠦᠸᠠᠳ᠋ ᠺᠢᠯᠤᠮᠸᠲ᠋ᠷ ᠪᠤᠯᠪᠠ᠂ ᠡᠨᠡ ᠨᠢ 2004 ᠤᠨ ᠤ 9 ᠰᠠᠷ᠎ᠠ ᠶᠢᠨ ᠦᠶ᠎ᠠ ᠶᠢᠨ 4259.6 ᠺᠦᠸᠠᠳ᠋ ᠺᠢᠯᠤᠮᠸᠲ᠋ᠷ ᠡᠴᠡ ᠪᠠᠰᠠ 169.7 ᠺᠦᠸᠠᠳ᠋ ᠺᠢᠯᠤᠮᠸᠲ᠋ᠷ ᠨᠡᠮᠡᠭᠲᠡᠪᠡ᠃

    ᠳ᠋ᠠᠢ ᠱᠸᠩ《ᠪᠦᠬᠦ ᠪᠦᠮᠪᠦᠷᠴᠡᠭ ᠤᠨ ᠲᠤᠯᠠᠭᠠᠷᠠᠯ ᠡᠴᠡ ᠬᠦᠬᠡᠨᠠᠭᠤᠷ ᠤᠨ ᠠᠭᠠᠷ ᠤᠨ ᠲᠤᠯᠠᠭᠠᠨ ᠲᠡᠭᠡᠭ᠍ᠰᠢᠯᠡᠵᠦ᠂ ᠬᠤᠷ᠎ᠠ ᠲᠤᠨᠲᠠᠰᠤ ᠤᠯᠠᠨ ᠪᠤᠯᠵᠤ᠂ ᠭᠤᠤᠯ ᠮᠦᠷᠡᠨ ᠤ ᠤᠷᠤᠰᠬᠠᠯ ᠤᠯᠠᠨ᠂ ᠠᠭᠤᠷ ᠠᠮᠢᠰᠬᠤᠯ ᠴᠢᠭᠢᠭ᠍ᠯᠢᠭ᠌ ᠨᠤᠢᠢᠲᠠᠨ ᠪᠤᠯᠤᠭᠰᠠᠨ᠂ ᠲᠠᠬᠢᠨ ᠬᠦᠬᠡᠨᠠᠭᠤᠷ ᠤᠨ ᠪᠠᠷᠠᠭᠤᠨ ᠬᠤᠢᠢᠲᠤ ᠬᠡᠰᠡᠭ ᠤᠨ ᠦᠨᠳᠦᠷ ᠠᠭᠤᠯᠠ ᠮᠦᠰᠦᠨ ᠭᠤᠤᠯ ᠬᠠᠢᠢᠯᠤᠨ ᠭᠡᠰᠴᠦ ᠭᠤᠤᠯ ᠮᠦᠷᠡᠨ ᠤ ᠤᠷᠤᠰᠬᠠᠯ ᠤᠨ ᠬᠡᠮᠵᠢᠶ᠎ᠠ ᠶᠢ ᠨᠡᠮᠡᠭᠲᠡᠬᠦᠯᠪᠡ》ᠭᠡᠵᠡᠢ᠃ ᠡᠭᠦᠨ ᠡᠴᠡ ᠭᠠᠲᠠᠨ᠎ᠠ ᠬᠦᠬᠡᠨᠠᠭᠤᠷ ᠤᠨ ᠬᠠᠪᠢ ᠲᠦᠰᠦᠷ ᠤᠨ ᠠᠮᠢ ᠠᠬᠤᠢ ᠤᠷᠴᠢᠨ ᠲᠤᠭᠤᠷᠢᠨ ᠢ ᠴᠡᠭᠴᠡᠯᠡᠨ ᠵᠠᠰᠠᠵᠤ᠂ ᠤᠷᠭᠤᠮᠠᠯ ᠤᠨ ᠬᠤᠴᠢᠯᠭ᠎ᠠ ᠶᠢ ᠰᠡᠷᠬᠦᠭᠡᠭ᠍ᠰᠡᠨ ᠶᠢᠡᠷ ᠮᠡᠲᠡᠭᠲᠡᠮ᠎ᠡ ᠰᠠᠢᠢᠵᠢᠷᠠᠪᠠ᠃

    ᠬᠦᠬᠡᠨᠠᠭᠤᠷ ᠪᠤᠯ ᠲᠤᠮᠲᠠᠲᠤ ᠤᠯᠤᠰ ᠤᠨ ᠬᠠᠮᠤᠭ ᠤᠨ ᠲᠤᠮᠤ ᠲᠤᠲᠤᠭᠠᠲᠤ ᠬᠠᠭᠤᠷᠠᠢ ᠶᠢᠨ ᠱᠤᠷᠪᠤᠭ ᠨᠠᠭᠤᠷ ᠪᠤᠯᠬᠤ ᠪᠡᠷ ᠪᠠᠷᠠᠬᠤ ᠦᠭᠡᠢ ᠪᠠᠷᠠᠭᠤᠨ ᠬᠡᠰᠡᠭ ᠤᠨ ᠡᠯᠡᠰᠦᠷᠭᠡᠭ᠍ᠵᠢᠯ ᠴᠦᠯᠵᠢᠯᠲᠡ ᠶᠢᠨ ᠵᠡᠭᠦᠨᠰᠢᠯᠡᠬᠦ ᠶᠢ ᠬᠤᠷᠢᠭᠯᠠᠬᠤ ᠴᠢᠬᠤᠯᠠ ᠤᠰᠤᠨ ᠴᠤᠭᠴᠠ᠃ ᠠᠮᠢ ᠠᠬᠤᠢ ᠶᠢᠨ ᠬᠡᠪᠡᠷᠡᠭ ᠤᠷᠤᠨ ᠳ᠋ᠤ ᠤᠷᠤᠰᠢᠬᠤ ᠪᠡᠷ ᠪᠦᠬᠦ ᠪᠦᠮᠪᠦᠷᠴᠡᠭ ᠤᠨ ᠠᠭᠤᠷ ᠠᠮᠢᠰᠬᠤᠯ ᠤᠨ ᠬᠤᠪᠢᠷᠠᠯᠲᠠ ᠤᠨ ᠰᠡᠷᠭᠡᠭ᠍ᠲᠦ ᠤᠷᠤᠨ᠂ ᠠᠮᠢᠲᠤ ᠪᠤᠲᠠᠰ ᠤᠨ ᠤᠯᠠᠨ ᠶᠠᠩᠵᠤᠲᠤ ᠴᠢᠨᠠᠷ ᠪᠠ ᠠᠮᠢ ᠠᠬᠤᠢ ᠶᠢᠨ ᠪᠦᠲᠦᠭᠡᠨ ᠪᠠᠢᠢᠭᠤᠯᠤᠯᠲᠠ ᠶᠢᠨ ᠭᠤᠤᠯᠲᠠᠯᠭ᠎ᠠ ᠲᠠᠢ ᠪᠦᠰᠡ ᠪᠤᠯᠤᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120791120581948