蒙古文网站Logo
ᠰᠢᠨᠬᠤᠸᠠ ᠮᠤᠩᠭ᠋ᠤᠯ ᠨᠧᠲ

ᠬᠦᠬᠡᠨᠠᠭᠤᠷ ᠬᠡᠰᠴᠤ ᠤᠰᠤᠨ ᠤ ᠰᠢᠪᠠᠭᠤᠳ 1.3 ᠳᠦᠮᠡ ᠭᠠᠷᠤᠢ ᠪᠡᠷ ᠨᠡᠮᠡᠭᠳᠡᠯ᠎ᠡ

2017-03-30 10:01

 

   3 ᠰᠠᠷ᠎ᠠ ᠶᠢᠨ 28 ᠤ ᠡᠳᠦᠷ᠂ ᠬᠦᠬᠡᠨᠠᠭᠤᠷ ᠤᠨ ᠳᠦᠷᠦ ᠶᠢᠨ ᠵᠡᠷᠬᠡᠯᠡᠯ ᠤᠨ ᠳᠠᠷᠬᠠᠨ ᠴᠠᠭᠠᠵᠠᠳᠤ ᠤᠷᠤᠨ ᠤ ᠬᠠᠮᠢᠶᠠᠷᠤᠯᠳᠠ ᠶᠢᠨ ᠳᠤᠪᠴᠢᠶ᠎ᠠ ᠡᠴᠡ ᠤᠶᠢᠯᠠᠭᠠᠭᠰᠠᠨ ᠢᠶᠡᠷ᠂ ᠶᠡᠬᠡ ᠰᠠᠯᠬᠢ ᠲᠠᠢ ᠴᠠᠭ ᠠᠭᠠᠷ ᠤᠨ ᠨᠦᠯᠦᠬᠡᠯᠡᠯ ᠢᠶᠡᠷ 23 ᠤ ᠡᠳᠦᠷ ᠡᠴᠡ ᠡᠬᠢᠯᠡᠨ ᠬᠦᠬᠡᠨᠠᠭᠤᠷ ᠤᠨ ᠬᠠᠭᠠᠷᠠᠭᠰᠠᠨ ᠮᠦᠰᠤ ᠠᠭᠠᠵᠢᠮ ᠢᠶᠡᠷ ᠦᠯᠢᠶᠡᠭᠳᠡᠨ ᠬᠠᠶᠢᠯᠠᠵᠤ᠂ 26 ᠤ ᠡᠳᠦᠷ ᠪᠤᠯᠬᠤ ᠳᠤ ᠡᠷᠬᠢ ᠳᠠᠭᠠᠤ 1 ᠺᠢᠯᠤᠮᠧᠲ᠋ᠷ ᠬᠢᠷᠢᠳᠡᠢ ᠮᠦᠰᠤ ᠦᠯᠡᠳᠡᠭᠰᠡᠨ ᠢ ᠭᠠᠷᠭᠠᠪᠠᠯ ᠨᠠᠭᠤᠷ ᠤᠨ ᠳᠦᠪ ᠬᠡᠰᠡᠭ ᠦᠨᠳᠦᠰᠦᠨ ᠳ᠋ᠡᠬᠡᠨ ᠬᠡᠰᠦᠭᠰᠡᠨ ᠪᠠᠶᠢᠨ᠎ᠠ᠃ ᠦᠩᠬᠡᠷᠡᠭᠰᠡᠨ ᠵᠢᠯ ᠲᠠᠢ ᠠᠳᠠᠯᠢᠳᠬᠠᠪᠠᠯ᠂ ᠤᠰᠤᠨ ᠤ ᠰᠢᠪᠠᠭᠤᠳ ᠤᠨ ᠳᠤᠭ᠎ᠠ ᠪᠠᠷᠤᠭ 1.3 ᠳᠦᠮᠡ ᠪᠡᠷ ᠨᠡᠮᠡᠭᠳᠡᠵᠤ᠂ ᠡᠬᠦᠨ ᠳᠤ ᠬᠠᠷ᠎ᠠ ᠦᠷᠪᠢ 15 ᠨᠡᠮᠡᠭᠳᠡᠵᠡᠢ᠃

    ᠰᠠᠶ᠊ᠢᠬᠠᠨ ᠤ ᠬᠢᠨᠠᠨ ᠬᠡᠮᠵᠢᠭᠰᠡᠨ ᠪᠠᠶᠢᠳᠠᠯ ᠡᠴᠡ ᠦᠵᠡᠪᠡᠯ᠂ 19 ᠳᠦᠷᠦᠯ ᠤᠨ ᠨᠡᠶᠢᠳᠡ 3.8 ᠳᠦᠮᠡ ᠭᠠᠷᠤᠢ ᠤᠰᠤᠨ ᠤ ᠰᠢᠪᠠᠭᠤ ᠨᠠᠭᠤᠷ ᠲᠤ ᠢᠷᠡᠭᠰᠡᠨ ᠪᠠᠶᠢᠨ᠎ᠠ᠃ ᠡᠬᠦᠨ ᠳᠤ ᠨᠡᠬᠦᠳᠡᠯ ᠤᠨ ᠳᠤᠮᠳᠠ ᠪᠡᠨ ᠪᠠᠭᠤᠳᠠᠯᠯᠠᠭᠰᠠᠨ ᠨᠢ 12 ᠳᠦᠷᠦᠯ ᠤᠨ 5000 ᠭᠠᠷᠤᠢ᠂ ᠵᠤᠨ ᠢ ᠦᠩᠬᠡᠷᠡᠬᠡᠬᠦ ᠪᠡᠷ ᠤᠷᠢᠳᠴᠢᠯᠠᠨ ᠰᠠᠭᠠᠳᠠᠭᠰᠠᠨ ᠨᠢ 4 ᠳᠦᠷᠦᠯ ᠤᠨ 5000 ᠭᠠᠷᠤᠢ᠂ ᠤᠮᠠᠷᠠᠰᠢ ᠪᠤᠴᠠᠵᠤ ᠠᠮᠵᠢᠭ᠎ᠠ ᠦᠬᠡᠢ ᠬᠤᠨ 400 ᠭᠠᠷᠤᠢ᠂ ᠬᠠᠷ᠎ᠠ ᠦᠷᠪᠢ 18᠂ ᠯᠠᠮᠠ ᠭᠠᠯᠠᠭᠤ 2.6 ᠳᠦᠮᠡ ᠭᠠᠷᠤᠢ ᠪᠤᠢ᠃ (ᠵᠢᠷᠤᠭ ᠢ ᠢᠨᠲ᠋ᠧᠷᠨᠧᠲ ᠡᠴᠡ)

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120701120723019