蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠴᠢᠩᠬᠢᠰ ᠬᠠᠭᠠᠨ ᠤ ᠤᠩᠭ᠋ᠤᠨ ᠳᠤ ᠤᠯᠠᠭᠠᠭᠴᠢᠨ ᠲᠠᠬᠢᠶ᠎ᠠ  ᠵᠢᠯ ᠤᠨ ᠴᠢᠩᠬᠢᠰ ᠬᠠᠭᠠᠨ ᠤ ᠴᠠᠭᠠᠨ ᠰᠦᠷᠦᠭ᠌ ᠤᠨ ᠲᠠᠶᠢᠯᠭ᠎ᠠ ᠡᠬᠢᠯᠡᠬᠦ ᠪᠡᠷ ᠪᠤᠢ

2017-04-05 17:37

    ᠴᠠᠭᠠᠨ ᠰᠦᠷᠦᠭ ᠤᠨ ᠶᠡᠬᠡ ᠲᠠᠢᠢᠯᠭ᠎ᠠ ᠵᠢᠯ ᠪᠦᠷᠢ ᠪᠢᠯᠢᠭ᠌᠌ ᠤᠨ ᠤᠯᠠᠷᠢᠯ ᠤᠨ ᠭᠤᠷᠪᠠᠨ ᠰᠠᠷ᠎ᠠ ᠶᠢᠨ ᠠᠷᠪᠠᠨ ᠲᠤᠯᠤᠭᠠᠨ ᠡᠴᠡ ᠬᠤᠷᠢᠨ ᠲᠦᠷᠪᠡᠨ ᠪᠤᠯᠳᠠᠯ᠎ᠠ 8 ᠡᠳᠤᠷ ᠤᠨ ᠬᠤᠭᠤᠴᠠᠭ᠎ᠠ ᠲᠠᠢ ᠵᠤᠬᠢᠶᠠᠨ ᠪᠠᠶᠢᠭᠤᠯᠤᠭᠳᠠᠳᠠᠬ᠃ ᠬᠤᠷᠢᠨ ᠨᠢᠬᠡᠨ ᠤ ᠡᠳᠤᠷ ᠪᠤᠯ ᠭᠤᠤᠯ ᠲᠠᠶᠢᠯᠭ᠎ᠠ ᠶᠢᠨ ᠡᠳᠤᠷ ᠪᠤᠯᠤᠨ᠎ᠠ᠃ ᠦᠨᠦ ᠵᠢᠯ ᠤᠨ ᠶᠡᠬᠡ ᠲᠠᠶᠢᠯᠭ᠎ᠠ ᠶᠢᠨ ᠠᠵᠢᠯᠯᠠᠭ᠎ᠠ ᠶᠢ ᠲᠤᠬᠢᠷᠠᠭᠤᠯᠤᠭᠰᠠᠨ ᠪᠠᠶᠢᠳᠠᠯ ᠢ ᠲᠤᠳᠤᠷᠠᠭᠤᠯᠪᠠᠯ᠄ 4 ᠰᠠᠷ᠎ᠠ ᠶᠢᠨ 13 ᠤ ᠡᠳᠤᠷ  ( ᠪᠢᠯᠢᠭ᠌᠌ ᠤᠨ ᠤᠯᠠᠷᠢᠯ ᠤᠨ ᠭᠤᠷᠪᠠᠨ ᠰᠠᠷ᠎ᠠ ᠶᠢᠨ ᠠᠷᠪᠠᠨ ᠲᠤᠯᠤᠭᠠᠨ) ᠨᠠᠶ᠋ᠮᠠᠨ ᠴᠠᠭᠠᠨ ᠤᠷᠳᠤ ᠴᠤᠭᠯᠠᠷᠠᠬᠤ ᠲᠠᠶᠢᠯᠭ᠎ᠠ ᠂ 4 ᠰᠠᠷ᠎ᠠ ᠶᠢᠨ 14 ᠤ ᠡᠳᠤᠷ  ( ᠪᠢᠯᠢᠭ᠌᠌ ᠤᠨ ᠤᠯᠠᠷᠢᠯ ᠤᠨ ᠭᠤᠷᠪᠠᠨ ᠰᠠᠷ᠎ᠠ ᠶᠢᠨ ᠠᠷᠪᠠᠨ ᠨᠠᠶ᠋ᠮᠠᠨ) ᠨᠠᠶ᠋ᠮᠠᠨ ᠴᠠᠭᠠᠨ ᠤᠷᠳᠤ ᠵᠢᠭᠢᠯᠡᠬᠦ ᠲᠠᠶᠢᠯᠭ᠎ᠠ᠂  4 ᠰᠠᠷ᠎ᠠ ᠶᠢᠨ 15 ᠤ ᠡᠳᠤᠷ (ᠪᠢᠯᠢᠭ᠌᠌ ᠤᠨ ᠤᠯᠠᠷᠢᠯ ᠤᠨ ᠭᠤᠷᠪᠠᠨ ᠰᠠᠷ᠎ᠠ ᠶᠢᠨ ᠠᠷᠪᠠᠨ ᠶᠢᠰᠦᠨ) ᠰᠦᠰᠦᠭ ᠤᠨ ᠲᠠᠶᠢᠯᠭ᠎ᠠ᠂ 4 ᠰᠠᠷ᠎ᠠ ᠶᠢᠨ 16 ᠤ ᠡᠳᠤᠷ (ᠪᠢᠯᠢᠭ᠌᠌ ᠤᠨ ᠤᠯᠠᠷᠢᠯ ᠤᠨ ᠭᠤᠷᠪᠠᠨ ᠰᠠᠷ᠎ᠠ ᠶᠢᠨ ᠬᠤᠷᠢᠨ ) ᠭᠠᠷᠢᠯᠢ ᠶᠢᠨ ᠲᠠᠶᠢᠯᠭ᠎ᠠ᠂ 4 ᠰᠠᠷ᠎ᠠ ᠶᠢᠨ 17 ᠤ ᠡᠳᠤᠷ  ( ᠪᠢᠯᠢᠭ᠌᠌ ᠤᠨ ᠤᠯᠠᠷᠢᠯ ᠤᠨ ᠭᠤᠷᠪᠠᠨ ᠰᠠᠷ᠎ᠠ ᠶᠢᠨ ᠬᠤᠷᠢᠨ ᠨᠢᠬᠡᠨ) ᠴᠠᠭᠠᠨ ᠰᠦᠷᠦᠭ ᠤᠨ ᠶᠡᠬᠡ ᠲᠠᠶᠢᠯᠭ᠎ᠠ ᠶᠢᠨ ᠡᠰᠦᠭ᠌ ᠤᠨ ᠲᠠᠶᠢᠯᠭ᠎ᠠ᠂ 4 ᠰᠠᠷ᠎ᠠ ᠶᠢᠨ 18 ᠤ ᠡᠳᠤᠷ (ᠪᠢᠯᠢᠭ᠌᠌ ᠤᠨ ᠤᠯᠠᠷᠢᠯ ᠤᠨ ᠭᠤᠷᠪᠠᠨ ᠰᠠᠷ᠎ᠠ ᠶᠢᠨ ᠬᠤᠷᠢᠨ ᠬᠤᠶᠠᠷ) ᠰᠦᠰᠦᠭ ᠤᠨ ᠲᠠᠶᠢᠯᠭ᠎ᠠ ᠂ 4 ᠰᠠᠷ᠎ᠠ ᠶᠢᠨ 19 ᠤ ᠡᠳᠤᠷ (ᠪᠢᠯᠢᠭ᠌᠌ ᠤᠨ ᠤᠯᠠᠷᠢᠯ ᠤᠨ ᠭᠤᠷᠪᠠᠨ ᠰᠠᠷ᠎ᠠ ᠶᠢᠨ ᠬᠤᠷᠢᠨ ᠭᠤᠷᠪᠠᠨ ) ᠰᠢᠷ᠎ᠠ ᠬᠠᠰᠠᠭ ᠤᠨ ᠲᠠᠶᠢᠯᠭ᠎ᠠ᠂ 4 ᠰᠠᠷ᠎ᠠ ᠶᠢᠨ 20 ᠤ ᠡᠳᠤᠷ (ᠪᠢᠯᠢᠭ᠌᠌ ᠤᠨ ᠤᠯᠠᠷᠢᠯ ᠤᠨ ᠭᠤᠷᠪᠠᠨ ᠰᠠᠷ᠎ᠠ ᠶᠢᠨ ᠬᠤᠷᠢᠨ ᠲᠦᠷᠪᠡᠨ) ᠨᠠᠶ᠋ᠮᠠᠨ ᠴᠠᠭᠠᠨ ᠤᠷᠳᠤ ᠦᠬᠡᠳᠡᠯᠡᠬᠦ ᠲᠠᠶᠢᠯᠭ᠎ᠠ ᠵᠡᠷᠬᠡ ᠪᠤᠯᠤᠨ᠎ᠠ᠃

    ᠤᠯᠠᠮᠵᠢᠯᠠᠯᠳᠤ ᠲᠠᠶᠢᠯᠭ᠎ᠠ ᠶᠢᠨ ᠠᠵᠢᠯᠯᠠᠭ᠎ᠠ ᠡᠴᠡ ᠭᠠᠳᠠᠨ᠎ᠠ᠂ ᠴᠠᠭᠠᠨ ᠰᠦᠷᠦᠭ᠌᠌ ᠤᠨ ᠶᠡᠬᠡ ᠲᠠᠶᠢᠯᠭ᠎ᠠ ᠶᠢᠨ ᠬᠤᠭᠤᠴᠠᠭᠠᠨ ᠳᠤ ᠪᠠᠰᠠ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ 《ᠪᠡᠯᠬᠦᠲᠡᠢ》ᠨᠡᠷᠡᠮᠵᠢᠳᠤ 512 ᠪᠦᠬᠡ ᠶᠢᠨ ᠬᠤᠶᠠᠳᠤᠭᠠᠷ ᠬᠤᠭᠤᠴᠠᠭᠠᠨ ᠤ ᠲᠡᠮᠡᠴᠡᠬᠡᠨ ᠢ ᠲᠤᠬᠢᠷᠠᠭᠤᠯᠤᠭᠰᠠᠨ ᠪᠠᠶᠢᠨ᠎ᠠ᠃

    ᠤᠶᠢᠯᠠᠭᠠᠭᠰᠠᠨ ᠢᠶᠡᠷ᠂ ᠦᠪᠦᠷ ᠮᠤᠩᠭ᠋ᠤᠯ ᠤᠨ ᠴᠢᠩᠬᠢᠰ ᠬᠠᠭᠠᠨ ᠤ ᠤᠩᠭ᠋ᠤᠨ ᠤ ᠠᠶᠠᠯᠠᠯ ᠵᠢᠭᠤᠯᠴᠢᠯᠠᠯ ᠤᠨ ᠪᠦᠰᠡ ᠳᠤ ᠵᠢᠯ ᠪᠦᠷᠢ ᠬᠡᠳᠤᠨ ᠠᠷᠪᠠ ᠤᠳᠠᠭᠠᠨ ᠤ ᠲᠤᠰᠬᠠᠢ ᠲᠠᠬᠢᠯᠭ᠎ᠠ ᠶᠢᠨ ᠠᠵᠢᠯᠯᠠᠭ᠎ᠠ ᠲᠠᠢ ᠪᠠᠶᠢᠳᠠᠭ᠂ ᠡᠬᠦᠨ ᠳᠤ ᠬᠠᠪᠤᠷ ᠤᠨ ᠤᠯᠠᠷᠢᠯ ᠤᠨ ᠴᠠᠭᠠᠨ ᠰᠦᠷᠦᠭ᠌᠌ ᠤᠨ ᠶᠡᠬᠡ ᠲᠠᠶᠢᠯᠭ᠎ᠠ᠂ ᠵᠤᠨ ᠤ ᠤᠯᠠᠷᠢᠯ ᠤᠨ ᠨᠠᠭᠤᠷ ᠤᠨ ᠲᠠᠶᠢᠯᠭ᠎ᠠ᠂ ᠨᠠᠮᠤᠷ ᠤᠨ ᠤᠯᠠᠷᠢᠯ ᠤᠨ ᠱᠦᠷᠭᠡ ᠶᠢᠨ ᠲᠠᠶᠢᠯᠭ᠎ᠠ ᠪᠤᠯᠤᠨ ᠡᠪᠤᠯ ᠤᠨ ᠤᠯᠠᠷᠢᠯ ᠤᠨ ᠲᠠᠰᠠᠮᠠᠨ ᠲᠠᠶᠢᠯᠭ᠎ᠠ ᠶᠢ《 ᠲᠦᠷᠪᠡᠨ ᠴᠠᠭ ᠤᠨ ᠶᠡᠬᠡ ᠲᠠᠶᠢᠯᠭ᠎ᠠ》 ᠬᠡᠮᠡᠨ ᠨᠡᠷᠡᠶᠢᠳᠴᠦ᠂ ᠲᠠᠶᠢᠯᠭ᠎ᠠ ᠶᠢᠨ ᠠᠵᠢᠯᠯᠠᠭ᠎ᠠ ᠨᠢ ᠦᠪᠡᠳᠡᠭᠰᠢ ᠶᠡᠬᠡ ᠪᠡᠷ ᠶᠠᠪᠤᠭᠳᠠᠨ᠎ᠠ᠃ ᠬᠠᠷᠢᠨ ᠬᠠᠪᠤᠷ ᠤᠨ ᠤᠯᠠᠷᠢᠯ ᠤᠨ ᠴᠠᠭᠠᠨ ᠰᠦᠷᠦᠭ ᠤᠨ ᠶᠡᠬᠡ ᠲᠠᠶᠢᠯᠭ᠎ᠠ ᠨᠢ ᠴᠢᠩᠬᠢᠰ ᠤᠨ ᠤᠩᠭ᠋ᠤᠨ ᠤ ᠲᠠᠶᠢᠯᠭ᠎ᠠ ᠶᠢᠨ ᠠᠵᠢᠯᠯᠠᠭ᠎ᠠ ᠶᠢᠨ ᠬᠠᠮᠤᠭ ᠤᠨ ᠦᠪᠡᠳᠡᠭᠰᠢ᠂ ᠬᠡᠪᠴᠢᠶ᠎ᠡ ᠶᠡᠬᠡ ᠨᠢᠬᠡᠨ ᠤᠳᠠᠭᠠᠨ ᠤ ᠲᠠᠶᠢᠯᠭ᠎ᠠ ᠪᠤᠯᠤᠨ᠎ᠠ᠃ 2006 ᠤᠨ ᠳᠤ ᠴᠢᠩᠬᠢᠰ ᠬᠠᠭᠠᠨ ᠤ ᠲᠠᠶᠢᠯᠭ᠎ᠠ ᠤᠯᠤᠰ ᠤᠨ ᠵᠡᠷᠬᠡᠯᠡᠯ ᠤᠨ ᠠᠩᠬᠠᠳᠤᠭᠠᠷ ᠪᠦᠯᠦᠭ᠌᠌ ᠪᠡᠶᠡᠳᠤ ᠪᠤᠰᠤ ᠤᠨ ᠰᠤᠶᠤᠯ ᠤᠨ ᠨᠡᠷᠡᠰ ᠤᠨ ᠪᠦᠷᠢᠳᠬᠡᠯ ᠳᠤ ᠵᠢᠬᠰᠠᠭᠠᠭᠳᠠᠵᠠᠢ᠃

    《ᠴᠠᠭᠠᠨ ᠰᠦᠷᠦᠭ᠌》 ᠨᠢ ᠶᠡᠷᠡ ᠶᠢᠰᠦᠨ ᠴᠠᠭᠠᠭᠴᠢ ᠭᠡᠬᠦᠦ ᠶᠢᠨ ᠰᠦ᠋ ᠶᠢᠨ ᠰᠠᠴᠤᠯᠢ ᠡᠴᠡ ᠢᠷᠡᠯᠳᠡ ᠲᠠᠢ᠂ ᠡᠢᠢᠮᠦ ᠪᠡᠷ ᠶᠡᠬᠡ ᠲᠠᠶᠢᠯᠭ᠎ᠠ ᠶᠢ ᠪᠠᠰᠠ 《ᠡᠰᠰᠦᠭ᠌ ᠤᠨ ᠲᠠᠶᠢᠯᠭ᠎ᠠ》 ᠬᠡᠳᠡᠭ᠂ ᠲᠡᠭᠡᠳᠤ ᠲᠡᠭᠷᠢ ᠪᠤᠯᠤᠨ ᠡᠪᠤᠬᠡ ᠲᠡᠭᠡᠳᠤᠰ ᠡᠴᠡ ᠬᠦᠮᠦᠨ ᠠᠮᠢᠳᠠᠨ ᠤ ᠬᠦᠭ᠍ᠵᠢᠯ ᠮᠠᠨᠳᠤᠯ᠂ ᠡᠩᠬᠡ ᠲᠠᠶᠢᠪᠤᠩ ᠢ ᠬᠦᠰᠡᠳᠡᠭ᠃

    ᠴᠢᠩᠬᠢᠰ ᠬᠠᠭᠠᠨ ᠤ ᠤᠩᠭ᠋ᠤᠨ ᠤ ᠵᠢᠭᠤᠯᠴᠢᠯᠠᠯ ᠤᠨ ᠤᠷᠤᠨ ᠤ ᠬᠠᠮᠢᠶᠠᠷᠤᠯᠳᠠ ᠶᠢᠨ ᠵᠦᠪᠯᠡᠯ ᠤᠨ ᠬᠠᠮᠢᠶᠠᠳᠠᠢ ᠬᠠᠷᠢᠭᠤᠴᠠᠯᠭᠠᠳᠠᠨ ᠡᠴᠡ ᠤᠶᠢᠯᠠᠭᠠᠭᠰᠠᠨ ᠢᠶᠡᠷ᠂ ᠵᠢᠯ ᠪᠦᠷᠢ ᠶᠢᠨ ᠬᠠᠪᠤᠷ ᠤᠨ ᠤᠯᠠᠷᠢᠯ ᠤᠨ ᠴᠠᠭᠠᠨ ᠰᠦᠷᠦᠭ ᠤᠨ ᠶᠡᠬᠡ ᠲᠠᠶᠢᠯᠭ᠎ᠠ ᠶᠢᠨ ᠦᠶ᠎ᠡ ᠪᠡᠷ ᠤᠯᠤᠰ ᠤᠨ ᠲᠤᠳᠤᠭᠠᠳᠤ ᠭᠠᠳᠠᠭᠠᠨᠳᠤ ᠶᠢᠨ ᠵᠢᠭᠤᠯᠴᠢᠳ ᠢᠷᠡᠵᠤ ᠲᠠᠬᠢᠯ ᠮᠦᠷᠬᠦᠯ ᠬᠢᠳᠡᠭ᠃ ᠲᠠᠶᠢᠯᠭ᠎ᠠ ᠶᠢᠨ ᠠᠵᠢᠯᠯᠠᠭᠠᠨ ᠤ ᠤᠷᠤᠭᠰᠢᠳᠠᠢ ᠶᠠᠪᠤᠭᠳᠠᠬᠤ ᠶᠢᠨ ᠲᠤᠰᠠᠳᠠ᠂ ᠴᠠᠭᠠᠨ ᠰᠦᠷᠦᠭ᠌ ᠤᠨ ᠲᠠᠶᠢᠯᠭ᠎ᠠ ᠶᠢᠨ ᠡᠳᠤᠷ ᠴᠢᠩᠬᠢᠰ ᠤᠨ ᠤᠩᠭ᠋ᠤᠨ ᠤ ᠠᠶᠠᠯᠠᠯ ᠵᠢᠭᠤᠯᠴᠢᠯᠠᠯ ᠤᠨ ᠤᠷᠤᠨ ᠳᠤ ᠵᠠᠮ ᠬᠠᠷᠢᠯᠴᠠᠭᠠᠨ ᠤ ᠬᠠᠮᠢᠶᠠᠷᠤᠯᠳᠠ ᠬᠢᠵᠤ᠂ ᠲᠠᠶᠢᠯᠭ᠎ᠠ ᠳᠤ ᠤᠷᠤᠯᠴᠠᠬᠤ ᠬᠦᠮᠦᠰ ᠪᠤᠯᠤᠨ ᠵᠢᠭᠤᠯᠴᠢᠳ ᠵᠠᠪᠠᠯ ᠲᠦᠯᠦᠪᠦᠷᠢ ᠦᠭᠡᠢ ᠠᠦ᠋ᠲ᠋ᠤᠪᠦ᠋ᠰ ᠲᠤ ᠰᠠᠭᠤᠵᠤ ᠴᠢᠩᠬᠢᠰ ᠬᠠᠭᠠᠨ ᠤ ᠤᠩᠭ᠋ᠤᠨ ᠤ ᠬᠦᠷᠢᠶᠡᠯᠡᠩ ᠳᠤ ᠤᠷᠤᠨ᠎ᠠ᠃ 

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120755409