蒙古文网站Logo
ᠰᠢᠨᠬᠤᠸᠠ ᠮᠤᠩᠭ᠋ᠤᠯ ᠨᠧᠲ

ᠰᠢᠨᠵᠢᠶᠠᠩ ᠤᠨ ᠾᠸᠵᠢᠩ ᠰᠢᠶᠠᠨ ᠭᠠᠮᠰᠢᠭ ᠡᠴᠠ ᠠᠪᠤᠷᠠᠬᠤ ᠡᠪᠡᠰᠦ ᠪᠣᠷᠳᠤᠭ᠎ᠠ ᠪᠠᠷ ᠮᠠᠯᠴᠢᠳ ᠢ ᠲᠤᠰᠠᠯᠠᠵᠤ ᠪᠤᠢ

2017-04-11 11:55

    ᠵᠢᠷᠤᠭ ᠪᠣᠯ 4 ᠰᠠᠷ᠎ᠠ ᠶ᠋ᠢᠨ 8 ᠦ ᠡᠳᠦᠷ᠂ ᠰᠢᠨᠵᠢᠶᠠᠩ ᠤᠨ ᠾᠸᠵᠢᠩ ᠰᠢᠶᠠᠨ ᠤ ᠪᠠᠶᠠᠨᠪᠤᠯᠠᠭ ᠪᠠᠯᠭᠠᠰᠤᠨ ᠤ ᠰᠠᠶᠢᠬᠠᠨ ᠲᠣᠬᠣᠢ ᠲᠤᠰᠬᠤᠨ ᠤ ᠮᠠᠯᠴᠢᠨ ᠵᠠᠰᠠᠭ ᠤᠨ ᠣᠷᠳᠤᠨ ᠤ ᠲᠠᠷᠬᠠᠭᠠᠭᠰᠠᠨ ᠪᠠᠴᠢᠮ ᠪᠠᠶᠢᠳᠠᠯ ᠢ ᠠᠷᠭᠠᠴᠠᠭᠠᠬᠤ ᠲᠡᠵᠢᠭᠡᠯ ᠡᠪᠡᠰᠦ ᠶ᠋ᠢ ᠲᠡᠷᠭᠡᠨ ᠡᠴᠡ ᠪᠠᠭᠤᠯᠭᠠᠵᠤ ᠪᠤᠢ᠃ ᠣᠳᠣᠬᠠᠨ ᠳ᠋ᠥ᠂ ᠰᠢᠨᠵᠢᠶᠠᠩ ᠤᠨ ᠪᠠᠶᠠᠨᠭᠤᠯ ᠮᠣᠩᠭᠣᠯ ᠤᠨ ᠦᠪᠡᠷᠲᠡᠭᠡᠨ ᠵᠠᠰᠠᠬᠤ ᠵᠸᠥ ᠶ᠋ᠢᠨ ᠾᠸᠵᠢᠩ ᠰᠢᠶᠠᠨ ᠤ ᠪᠠᠶᠠᠨᠪᠤᠯᠠᠭ ᠤᠨ ᠲᠠᠯ᠎ᠠ ᠨᠤᠲᠤᠭ ᠤᠨ ᠦᠬᠡᠷ ᠬᠣᠨᠢ ᠶᠠᠭ ᠰᠠᠶᠢᠬᠠᠨ ᠲᠥᠯᠯᠡᠬᠦ ᠵᠠᠩᠭᠢᠯᠠᠭ᠎ᠠ ᠶ᠋ᠢᠨ ᠴᠠᠭ ᠲᠣ ᠪᠠᠨ ᠪᠠᠶᠢᠨ᠎ᠠ᠂ ᠭᠡᠲᠡᠯ᠎ᠡ ᠦᠷᠭᠦᠯᠵᠢᠯᠡᠭᠰᠡᠨ ᠴᠠᠰᠤ ᠰᠢᠭᠤᠷᠭᠠᠨ ᠲᠠᠢ ᠴᠠᠭ ᠠᠭᠠᠷ ᠨᠢ ᠠᠭᠤᠯᠠᠷᠬᠠᠭ ᠣᠷᠣᠨ ᠤ ᠮᠠᠯᠴᠢᠳ ᠲᠤ ᠪᠠᠭ᠎ᠠ ᠪᠣᠰᠣ ᠶᠠᠷᠰᠢᠭ ᠲᠦᠪᠡᠭ᠌ ᠤᠴᠠᠷᠠᠭᠤᠯᠵᠠᠢ᠃ ᠲᠤᠬᠠᠢ ᠶ᠋ᠢᠨ ᠭᠠᠵᠠᠷ ᠤᠨ ᠮᠠᠯ ᠠᠵᠤ ᠠᠬᠤᠢ ᠶ᠋ᠢᠨ ᠰᠠᠯᠠᠭ᠎ᠠ ᠮᠦᠴᠢᠷ ᠦᠨ ᠪᠦ᠋ᠷᠢᠳᠬᠡᠭ᠍ᠰᠡᠨ ᠢ ᠦᠨᠳᠦᠰᠦᠯᠡᠪᠡᠯ᠂ 4 ᠰᠠᠷ᠎ᠠ ᠡᠴᠡ ᠨᠠᠭᠠᠰᠢ᠂ ᠴᠠᠰᠤ ᠰᠢᠭᠤᠷᠭᠠᠨ ᠲᠠᠢ ᠴᠠᠭ ᠠᠭᠠᠷ ᠡᠴᠡ ᠪᠣᠯᠵᠤ ᠲᠤᠬᠠᠢ ᠶ᠋ᠢᠨ ᠭᠠᠵᠠᠷ ᠤᠨ ᠮᠠᠯ ᠲᠡᠵᠢᠭᠡᠪᠦᠷᠢ ᠴᠦᠬᠡᠨ ᠳ᠋ᠤ ᠪᠠᠨ 5782 ᠦᠬᠦᠵᠦ ᠬᠤᠷᠤᠬᠲᠠᠪᠠ᠂ ᠡᠭᠦᠨ ᠦ ᠳᠣᠲᠣᠷ᠎ᠠ ᠨᠢᠯᠬ᠎ᠠ ᠲᠦᠯ 5690 ᠪᠤᠢ᠃ ᠮᠠᠯᠴᠢᠳ ᠢ ᠬᠠᠪᠰᠤᠷᠴᠤ ᠲᠥᠯ ᠲᠣᠰᠬᠤ ᠤᠯᠠᠷᠢᠯ ᠢ ᠤᠷᠤᠭᠰᠢᠲᠠᠢ ᠲᠤᠭᠤᠯᠠᠭᠤᠯᠬᠤ ᠶ᠋ᠢᠨ ᠲᠦᠯᠦᠭᠡ᠂ ᠲᠤᠬᠠᠢ ᠶ᠋ᠢᠨ ᠭᠠᠵᠠᠷ ᠤᠨ ᠵᠠᠰᠠᠭ ᠤᠨ ᠣᠷᠳᠣᠨ ᠡᠴᠠ ᠳᠠᠷᠤᠢ ᠲᠦᠷᠭᠡᠨ ᠠᠭᠤᠯᠠᠷᠬᠠᠭ ᠣᠷᠣᠨ ᠤ ᠮᠠᠯᠴᠢᠳ ᠲᠤ ᠪᠠᠴᠢᠮ ᠪᠠᠶᠢᠳᠠᠯ ᠢ ᠠᠷᠭᠠᠴᠠᠭᠠᠬᠤ ᠡᠪᠡᠰᠦ ᠪᠣᠷᠳᠣᠭ᠎ᠠ ᠲᠠᠷᠬᠠᠭᠠᠵᠤ᠂ 4 ᠰᠠᠷ᠎ᠠ ᠶ᠋ᠢᠨ 9 ᠦ ᠡᠳᠦᠷ ᠪᠣᠯᠲᠠᠯ᠎ᠠ ᠨᠡᠶᠢᠲᠡ 4 ᠲᠦᠮᠡᠨ ᠪᠤᠭᠤᠯᠲᠠ ᠲᠡᠵᠢᠭᠡᠯ ᠡᠪᠡᠰᠦ᠂ 160 ᠲᠦᠮᠡᠨ ᠲᠣᠨ ᠭᠠᠷᠤᠢ ᠲᠡᠵᠢᠭᠡᠯ ᠪᠣᠷᠳᠣᠭ᠎ᠠ ᠲᠠᠷᠬᠠᠭᠠᠵᠠᠢ᠃

ᠢᠷᠡᠯᠳᠡ᠄ ᠠᠷᠠᠳ ᠤᠨ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120787696