蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠴᠢᠭᠢᠭ᠍ᠳᠡᠴᠡ ᠶᠢᠨ ᠪᠠᠶᠢᠳᠠᠯ ᠬᠠᠪᠤᠷ ᠤᠨ ᠲᠠᠷᠢᠶᠠᠯᠠᠭ᠎ᠠ ᠳᠤ ᠠᠰᠢᠭᠲᠠᠢ

2017-04-14 11:22

    4 ᠰᠠᠷ᠎ᠠ ᠡᠴᠡ ᠨᠠᠭᠠᠰᠢ᠂ ᠦᠪᠦᠷ ᠮᠣᠩᠭᠣᠯ ᠤᠨ ᠶᠡᠬᠡᠩᠬᠢ ᠪᠦᠰᠡ ᠨᠤᠳᠤᠬ ᠲᠦ ᠠᠭᠠᠷ ᠤᠨ ᠲᠤᠯᠠᠭᠠᠨ ᠦᠨᠳᠦᠷ ᠪᠠᠶᠢᠵᠤ ᠦᠨᠭᠡᠷᠡᠭᠰᠡᠨ ᠵᠢᠯ ᠤᠳ ᠡᠴᠡ ᠬᠠᠷᠢᠴᠠᠩᠭ᠋ᠤᠢ ᠡᠷᠲᠡ ᠬᠠᠪᠤᠷ ᠲᠤ ᠤᠷᠤᠪᠠ᠃ ᠳᠤᠯᠠᠭᠠᠨ ᠴᠠᠭ ᠠᠭᠠᠷ ᠨᠢ ᠬᠠᠪᠤᠷ ᠤᠨ ᠲᠠᠷᠢᠶᠠᠯᠠᠭ᠎ᠠ ᠳᠤ ᠠᠰᠢᠭᠲᠠᠢ ᠪᠠᠶᠢᠳᠠᠬ᠃ ᠤᠳᠤᠬᠠᠨ ᠳᠤ᠂ ᠤᠷᠤᠨ ᠳᠠᠶᠠᠭᠠᠷ ᠤᠨ ᠬᠦᠷᠦᠰᠦᠨ ᠤ ᠴᠢᠭᠢᠭ᠍ᠳᠡᠴᠡ ᠶᠢᠨ ᠬᠡᠮᠵᠢᠶ᠎ᠠ ᠰᠠᠶᠢᠨ᠂ ᠶᠡᠬᠡᠩᠬᠢ ᠲᠠᠷᠢᠶᠠᠯᠠᠬᠤ ᠪᠦᠰᠡ ᠳ᠋ᠦ ᠲᠠᠷᠢᠶᠠᠯᠠᠭ ᠠ ᠶᠢᠨ ᠠᠵᠢᠯ ᠢᠶᠡᠨ ᠨᠢᠭᠡᠨᠲᠡ ᠡᠬᠢᠯᠡᠭᠦᠯᠪᠡ᠃ ᠡᠯ᠎ᠠ ᠪᠦᠰᠡ ᠨᠤᠲᠤᠭ ᠤᠨ ᠬᠢᠨ ᠴᠠᠭ ᠠᠭᠠᠷ ᠤᠨ ᠬᠤᠪᠢᠷᠡᠯᠲᠠ ᠶᠢᠨ ᠪᠠᠶᠢᠳᠠᠯ ᠢ ᠰᠠᠶᠢᠨ ᠠᠩᠬᠠᠷᠴᠤ᠂ ᠴᠢᠭᠢᠭ᠍ᠳᠡᠴᠡ ᠶᠢᠨ ᠬᠡᠮᠵᠢᠶ᠎ᠠ ᠠᠨᠠᠢ ᠪᠦᠰᠡ ᠨᠤᠲᠤᠭ ᠬᠤᠷ᠎᠎ᠠ ᠶᠢᠨ ᠳᠠᠷᠠᠭ᠎ᠠ ᠲᠠᠷᠢᠶᠠᠯᠠᠭ᠎ᠠ ᠪᠡᠨ ᠳᠠᠷᠤᠶᠢᠬᠠᠨ ᠡᠬᠢᠯᠡᠭᠦᠯᠬᠦ ᠶᠢ ᠰᠠᠨᠠᠭᠠᠴᠢᠯᠠᠵᠤ᠂ ᠲᠠᠷᠢᠶᠠᠯᠠᠭ᠎ᠠ ᠶᠢᠨ ᠠᠵᠢᠯ ᠲᠤᠭᠲᠠᠭᠰᠠᠨ ᠬᠤᠭᠤᠴᠠᠭᠠᠨ ᠳᠤ ᠪᠡᠨ ᠡᠬᠢᠯᠡᠬᠦ ᠶᠢ ᠪᠠᠲᠤᠯᠠᠬᠤ ᠭᠡᠷᠡᠭᠳᠡᠢ᠃

    ᠤᠳᠤᠬᠠᠨ ᠳᠤ᠂ ᠬᠦᠯᠦᠨ ᠪᠤᠶᠢᠷ ᠬᠤᠲᠠ ᠪᠤᠯᠤᠨ ᠬᠢᠩᠭ᠋ᠠᠨ ᠠᠶᠢᠮᠠᠭ ᠤᠨ ᠲᠠᠷᠢᠶᠠᠯᠠᠭ᠎ᠠ ᠶᠢᠨ ᠠᠵᠢᠯ ᠡᠬᠢᠯᠡᠭᠡᠳᠤᠢ ᠪᠠᠶᠢᠬᠤ ᠡᠴᠡ ᠭᠠᠳᠠᠨ᠎ᠠ ᠪᠤᠰᠤᠳ ᠲᠠᠷᠢᠶᠠᠯᠠᠩ ᠤᠨ ᠪᠦᠰᠡ ᠨᠤᠬᠦᠳ ᠨᠢᠭᠡᠨᠲᠡ ᠲᠠᠷᠢᠶᠠᠯᠠᠭ᠎ᠠ ᠶᠢᠨ ᠠᠵᠢᠯ ᠢᠶᠡᠨ ᠡᠬᠢᠯᠡᠭᠦᠯᠪᠡ᠃ ᠡᠭᠦᠨ ᠳᠤ᠂ ᠪᠠᠶᠠᠨᠨᠠᠭᠤᠷ᠂ ᠤᠷᠳᠤᠰ ᠬᠠᠪᠤᠷ ᠤᠨ ᠪᠤᠭᠤᠳᠠᠢ ᠪᠡᠨ ᠨᠢᠭᠡᠨᠲᠡ ᠲᠠᠷᠢᠵᠤ ᠳᠠᠭᠤᠰᠪᠠ᠃ ᠪᠤᠭᠤᠳᠠᠢ ᠲᠠᠷᠢᠭᠰᠠᠨ ᠲᠠᠯᠠᠪᠠᠢ ᠨᠢ ᠲᠤᠰ ᠪᠦᠷᠢ 116.7 ᠲᠦᠮᠡᠨ ᠮᠦ᠂ 9.3 ᠲᠦᠮᠡᠨ ᠮᠦ᠃ ᠲᠦᠮᠡᠳ ᠤᠨ ᠲᠠᠯ᠎ᠠ ᠶᠢᠨ ᠲᠠᠷᠢᠶᠠᠯᠠᠭ᠎ᠠ  ᠢᠢᠨ ᠠᠵᠢᠯ ᠤᠨ 6 ᠬᠤᠪᠢ ᠶᠢ ᠨᠢᠭᠡᠨᠲᠡ ᠪᠡᠶᠡᠯᠡᠭᠦᠯᠪᠠ᠂ ᠪᠤᠭᠤᠲᠤ ᠨᠢᠭᠡᠨᠲᠡ 5 ᠲᠦᠮᠡᠨ ᠮᠦ ᠲᠠᠷᠢᠵᠤ᠂ ᠤᠯᠠᠭᠠᠨᠴᠠᠪ᠂ ᠤᠯᠠᠭᠠᠨᠬᠠᠲᠠ᠂ ᠲᠤᠢᠩᠯᠢᠶᠤᠤ ᠲᠤᠰ ᠪᠦᠷᠢ 2.85᠂ 3.6᠂ 4.9 ᠲᠦᠮᠡᠨ ᠮᠦ ᠲᠠᠷᠢᠭᠠᠳ ᠪᠤᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120810602