蒙古文网站Logo
ᠰᠢᠨᠬᠤᠸᠠ ᠮᠤᠩᠭ᠋ᠤᠯ ᠨᠧᠲ

ᠨᠠᠶ᠋ᠮᠠᠨ ᠮᠤᠵᠢ ᠤᠷᠤᠨ ᠤ ᠮᠤᠩᠭᠤᠯ ᠦᠨᠳᠦᠰᠦᠲᠠᠨ ᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠦᠨᠳᠦᠰᠦᠨ ᠴᠢᠳᠠᠪᠤᠷᠢ ᠶᠢᠨ ᠤᠷᠤᠯᠳᠤᠭᠠᠨ ᠦᠨᠳᠦᠷᠯᠡᠪᠡ

2017-04-18 15:32

    4 ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨ᠎ᠠ᠂ ᠬᠦᠬᠡᠬᠤᠲᠠ ᠶᠢᠨ ᠮᠤᠩᠭ᠋ᠤᠯ ᠦᠨᠳᠦᠰᠦᠲᠠᠨ ᠤ ᠰᠤᠷᠭᠠᠭᠤᠯᠢ ᠳᠤ ᠨᠠᠶ᠋ᠮᠠᠨ ᠮᠤᠵᠢ ᠤᠷᠤᠨ ᠤ ᠠᠩᠬᠠᠳᠤᠭᠠᠷ ᠤᠳᠠᠭᠠᠨ ᠤ ᠮᠤᠩᠭ᠋ᠤᠯ ᠦᠨᠳᠦᠰᠦᠲᠠᠨ ᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠦᠨᠳᠦᠰᠦᠨ ᠴᠢᠳᠠᠪᠤᠷᠢ ᠶᠢᠨ ᠤᠷᠤᠯᠳᠤᠭᠠᠨ ᠤ ᠱᠠᠩᠨᠠᠯ ᠤᠯᠭᠤᠬᠤ ᠶᠤᠰᠤᠯᠠᠯ ᠶᠠᠪᠤᠭᠳᠠᠪᠠ᠃     

    ᠨᠠᠮ ᠤᠨ ᠦᠨᠳᠦᠰᠦᠲᠠᠨ ᠤ ᠰᠤᠷᠭᠠᠨ ᠬᠦᠮᠦᠵᠢᠯ ᠤᠨ ᠲᠤᠬᠠᠢ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠬᠦᠯᠵᠦ᠂ ᠮᠤᠩᠭ᠋ᠤᠯ ᠦᠬᠡ ᠬᠡᠯᠡ ᠦᠰᠦᠭ ᠪᠢᠴᠢᠭ᠌ ᠤᠨ ᠲᠦᠷᠢᠮᠵᠢᠯ ᠪᠠᠶᠠᠯᠢᠭᠵᠢᠯ ᠳᠤ ᠠᠩᠬᠠᠷᠤᠯ ᠢᠶᠠᠨ ᠬᠠᠨᠳᠤᠭᠤᠯᠵᠦ᠂ ᠪᠠᠭ᠎ᠠ  ᠰᠤᠷᠭᠠᠭᠤᠯᠢ ᠶᠢᠨ ᠰᠤᠷᠤᠭᠴᠢᠳ ᠤᠨ ᠪᠦᠬᠦ ᠲᠠᠯ᠎ᠠ ᠪᠠᠷ ᠬᠦᠭ᠍ᠵᠢᠬᠦ ᠶᠢ ᠠᠬᠢᠭᠤᠯᠬᠤ ᠵᠤᠷᠢᠯᠭ᠎ᠠ ᠪᠠᠷ ᠶᠠᠪᠤᠭᠳᠠᠨᠰᠠᠨ ᠡᠨᠡᠬᠦ ᠤᠷᠤᠯᠳᠤᠭᠠᠨ ᠢ ᠦᠪᠦᠷ ᠮᠤᠩᠭ᠋ᠤᠯ ᠳᠠᠬᠢ ᠨᠠᠶ᠋ᠮᠠᠨ ᠮᠤᠵᠢ ᠤᠷᠤᠨ ᠤ ᠮᠤᠩᠭ᠋ᠤᠯ ᠦᠨᠳᠦᠰᠦᠲᠠᠨ ᠤ ᠪᠠᠭ᠎ᠠ ᠰᠤᠷᠭᠠᠭᠤᠯᠢ ᠶᠢᠨ ᠰᠤᠷᠭᠠᠨ ᠬᠦᠮᠦᠵᠢᠯ ᠤᠨ ᠨᠡᠶᠢᠭᠡᠮᠯᠢᠭ᠌ ᠠᠴᠠ ᠭᠤᠤᠯᠯᠠᠨ ᠡᠷᠬᠢᠯᠡᠵᠦ᠂ ᠬᠦᠬᠡᠬᠤᠲᠠ ᠶᠢᠨ ᠮᠤᠩᠭ᠋ᠤᠯ ᠦᠨᠳᠦᠰᠦᠲᠠᠨ ᠤ ᠰᠤᠷᠭᠠᠭᠤᠯᠢ᠂ ᠦᠪᠦᠷ ᠮᠤᠩᠭ᠋ᠤᠯ ᠤᠨ ᠪᠠᠭᠠᠴᠤᠳ ᠤᠨ ᠰᠤᠨᠢᠨ᠂ ᠦᠪᠦᠷ ᠮᠤᠩᠭ᠋ᠤᠯ ᠤᠨ ᠦᠨᠳᠦᠰᠦᠲᠠᠨ ᠤ ᠵᠠᠯᠠᠭᠤᠴᠤᠳ ᠪᠠᠭᠠᠴᠤᠳ ᠤᠨ ᠰᠡᠳᠬᠦᠯ ᠤᠨ ᠬᠤᠷᠢᠶ᠎ᠠ᠂ ᠦᠪᠦᠷ ᠮᠤᠩᠭ᠋ᠤᠯ ᠤᠨ ᠮᠤᠩᠭ᠋ᠤᠯ ᠤᠳᠤᠨ ᠲᠧᠯᠸᠢᠰ ᠤᠨ 《ᠨᠠᠬᠢᠶ᠎ᠠᠳᠡᠯᠭᠡᠴᠡ ᠠᠴᠠ ᠳᠠᠭᠠᠭᠠᠴᠢᠯᠠᠨ ᠡᠷᠬᠢᠯᠡᠵᠡᠢ᠃ ᠲᠤᠰ ᠤᠲᠠᠭᠠᠨ ᠤ ᠤᠷᠤᠯᠳᠤᠭᠠᠨ ᠳᠤ ᠬᠦᠬᠡᠨᠠᠭᠤᠷ ᠮᠤᠵᠢ ᠶᠢᠨ ᠳᠡᠯᠡᠬᠡᠢ ᠬᠤᠲᠠ ᠶᠢᠨ ᠮᠤᠩᠭ᠋ᠤᠯ ᠰᠤᠷᠭᠠᠭᠤᠯᠢ᠂ ᠭᠠᠨᠰᠦ ᠮᠤᠵᠢ ᠶᠢᠨ ᠰᠦᠪᠸᠢ ᠰᠢᠶᠠᠨ ᠤ ᠮᠤᠩᠭ᠋ᠤᠯ ᠦᠨᠳᠦᠰᠦᠲᠠᠨ ᠤ ᠰᠤᠷᠭᠠᠭᠤᠯᠢ ᠵᠢᠴᠢ ᠦᠪᠦᠷ ᠮᠤᠩᠭ᠋ᠤᠯ ᠤᠨ 12 ᠠᠶᠢᠮᠠᠭ ᠬᠤᠲᠠ ᠶᠢᠨ ᠮᠤᠩᠭ᠋ᠤᠯ ᠪᠠᠭ᠎ᠠ ᠰᠤᠷᠭᠠᠭᠤᠯᠢ ᠶᠢᠨ 68 ᠰᠤᠷᠤᠭᠴᠢᠳ ᠤᠷᠤᠯᠴᠠᠵᠦ᠂ ᠵᠦᠪ ᠪᠢᠴᠢᠯᠭᠡᠨᠡᠶᠢᠲᠡ100 ᠦᠰᠦᠭ ᠢ ᠰᠤᠨᠤᠰᠤᠨ ᠪᠢᠴᠢᠬᠦᠯᠦᠨ᠎ᠠ᠃ ᠳᠠᠩ ᠦᠬᠡ᠂ ᠬᠤᠯᠪᠤᠭ᠎ᠠ ᠦᠬᠡ ᠪᠠᠭᠳᠠᠨ᠎ᠠ)᠂ ᠲᠦᠷᠢᠮᠵᠢᠬᠦᠨ ᠪᠢᠴᠢᠯᠭᠡ᠂ ᠪᠠᠷᠢᠮᠵᠢᠶ᠎ᠠ ᠤᠩᠰᠢᠯᠭ᠎ᠠ᠂ ᠪᠠᠶᠠᠨ ᠰᠠᠩ ᠪᠠᠶᠠᠯᠢᠭ ᠮᠡᠳᠡᠴᠡ᠂ ᠤᠷ᠎ᠠ ᠠᠪᠢᠶᠠᠰ ᠵᠡᠷᠭᠡ ᠲᠠᠪᠤᠨ ᠠᠭᠤᠯᠭ᠎ᠠ ᠪᠠᠷ ᠤᠷ᠎ᠠ ᠤᠬᠠᠭᠠᠨ ᠠᠪᠢᠶᠠᠰ ᠪᠢᠯᠢᠭ᠌ ᠶᠢᠡᠨ ᠰᠤᠷᠢᠯ᠎ᠠ᠃ 

    ᠡᠶᠢᠨᠬᠦ ᠬᠤᠶᠠᠷ ᠡᠳᠦᠷ ᠤᠨ ᠬᠤᠷᠴᠠ ᠰᠢᠷᠦᠬᠦᠨ ᠰᠢᠯᠭᠠᠷᠠᠭᠤᠯᠤᠯᠲᠠ ᠪᠠᠷ ᠳᠠᠮᠵᠢᠨ᠂ ᠲᠦᠩᠯᠢᠶᠤᠤ ᠬᠤᠳᠠ ᠶᠢᠨ ᠵᠠᠷᠤᠳ  ᠬᠤᠰᠢᠭᠤᠨ ᠤ ᠮᠤᠩᠭ᠋ᠤᠯ ᠦᠨᠳᠦᠰᠦᠲᠠᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠸᠠᠩ ᠰᠢᠦ ᠸᠧᠨ ᠨᠢᠭᠡᠳᠦᠭᠡᠷ ᠳᠡᠰ ᠲᠤ ᠲᠤᠲᠤᠷᠠᠵᠦ᠂ ᠵᠠᠷᠤᠳ ᠬᠤᠰᠢᠭᠤᠨ ᠤ ᠮᠤᠩᠭ᠋ᠤᠯ ᠦᠨᠳᠦᠰᠦᠲᠠᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠬᠤᠨ᠂ ᠲᠦᠩᠯᠢᠶᠤᠤ ᠬᠤᠳᠠ ᠶᠢᠨ ᠬᠤᠷᠴᠢᠨ ᠵᠡᠬᠦᠨ ᠭᠠᠷᠤᠨ ᠬᠤᠶᠢᠲᠤ ᠬᠤᠰᠢᠭᠤᠨ ᠤ ᠮᠤᠩᠭ᠋ᠤᠯ ᠦᠨᠳᠦᠰᠦᠲᠠᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠴᠠᠬᠢᠯᠠ ᠲᠤᠰ ᠲᠤᠰ ᠬᠤᠶᠠᠳᠤᠭᠠᠷ ᠳᠡᠰ ᠲᠤ ᠲᠤᠲᠤᠷᠠᠵᠦ᠂ ᠤᠯᠠᠭᠠᠨᠬᠠᠳᠠ ᠬᠤᠳᠠ ᠶᠢᠨ ᠠᠷᠤ ᠬᠤᠷᠴᠢᠨ ᠬᠤᠰᠢᠭᠤᠨ ᠤ ᠬᠠᠨ ᠠᠭᠤᠯᠠ ᠪᠠᠭ᠎ᠠ ᠰᠤᠷᠭᠠᠭᠤᠯᠢ ᠶᠢᠨ ᠠᠰᠤᠷᠤ᠂ ᠲᠦᠩᠯᠢᠶᠤᠤ ᠬᠤᠳᠠ ᠶᠢᠨ ᠵᠠᠷᠤᠳ ᠬᠤᠰᠢᠭᠤᠨ ᠤ ᠮᠤᠩᠭ᠋ᠤᠯ ᠦᠨᠳᠦᠰᠦᠲᠠᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠲᠠᠨ᠎ᠠ᠂ ᠪᠤᠷᠤᠬᠤᠲᠠ ᠶᠢᠨ ᠮᠤᠩᠭ᠋ᠤᠯ ᠦᠨᠳᠦᠰᠦᠲᠠᠨ ᠤ ᠪᠠᠭ᠎ᠠ ᠰᠤᠷᠭᠠᠭᠤᠯᠢ ᠶᠢᠨ ᠠᠵᠤᠩᠯᠢ ᠨᠠᠷ ᠲᠤᠰᠪᠤᠷᠢ ᠭᠤᠷᠪᠠᠳᠤᠭᠠᠷ ᠳᠡᠰ ᠲᠤ ᠲᠤᠲᠤᠷᠠᠯ᠎ᠠ᠃ ᠡᠬᠦᠨ ᠤ ᠬᠠᠮᠲᠤ ᠰᠢᠯᠢᠳᠡᠭ ᠱᠠᠩᠨᠠᠯ᠂ ᠵᠤᠷᠢᠭᠵᠢᠭᠤᠯᠤᠯ ᠤᠨ ᠱᠠᠩᠨᠠᠯ᠂ ᠳᠠᠩ ᠲᠦᠷᠦᠯ ᠳᠤ ᠲᠡᠷᠢᠬᠦᠯᠡᠭᠰᠡᠨ ᠱᠠᠩᠨᠠᠯ᠂ ᠰᠢᠯᠢᠳᠡᠭ ᠬᠠᠪᠰᠤᠷᠤᠨ ᠵᠢᠯᠤᠭᠤᠳᠤᠭᠴᠢ ᠪᠠᠭᠰᠢ᠂  ᠰᠢᠯᠢᠳᠡᠭ ᠵᠤᠬᠢᠶᠠᠨ ᠪᠠᠶᠢᠭᠤᠯᠤᠭᠰᠠᠨ ᠨᠢᠭᠡᠴᠠ ᠵᠡᠷᠭᠡ ᠶᠢ ᠱᠠᠩᠨᠠᠪᠠ᠃ ᠤᠷᠤᠯᠳᠤᠭᠠᠨ ᠳᠤ ᠲᠡᠷᠢᠬᠦᠯᠡᠭᠰᠡᠨ ᠸᠠᠩ ᠰᠢᠦ ᠸᠧᠨ᠄ᠲᠤᠰ ᠤᠷᠤᠯᠳᠤᠭᠠᠨ ᠳᠤ ᠲᠡᠷᠢᠬᠦᠯᠡᠭᠡᠳ ᠲᠤᠩ ᠪᠠᠶᠠᠷᠲᠠᠢ ᠪᠠᠶᠢᠨ᠎ᠠ᠃ ᠪᠢ ᠪᠠᠰᠠ ᠵᠦᠪ ᠪᠢᠴᠢᠯᠭᠡ ᠶᠢᠨ ᠤᠷᠤᠯᠳᠤᠭᠠᠨ ᠤ ᠲᠡᠷᠢᠬᠦᠨ ᠢ ᠠᠪᠤᠭᠰᠠᠨ ᠰᠢᠦ᠂ ᠳᠡᠭᠡᠷ᠎ᠠ ᠵᠢᠯ ᠪᠢ ᠲᠦᠩᠯᠢᠶᠤᠤ ᠬᠤᠲᠠ ᠶᠢᠨ ᠬᠡᠪᠴᠢᠶᠡᠨ ᠤ ᠵᠦᠪ ᠪᠢᠴᠢᠯᠭᠡ ᠶᠢᠨ ᠤᠷᠤᠯᠳᠤᠭᠠᠨ ᠳᠤ ᠲᠡᠷᠢᠬᠦᠯᠡᠵᠦ ᠪᠠᠶᠢᠭᠰᠠᠨ᠃ ᠡᠨᠡ ᠤᠲᠠᠭᠠᠨ ᠤ ᠤᠷᠤᠯᠳᠤᠭᠠᠨ ᠠᠴᠠ ᠪᠢ ᠦᠬᠡᠰ ᠤᠨ ᠰᠠᠩ ᠤᠨ ᠬᠤᠷᠠᠮᠳᠤᠯ ᠬᠤᠮᠰᠠ ᠪᠠᠶᠢᠭ᠎ᠠ ᠪᠠᠨ ᠮᠡᠳᠡᠭᠰᠡᠨ᠃  ᠰᠤᠷᠭᠠᠭᠤᠯᠢ ᠳᠠᠭᠠᠨ ᠤᠴᠢᠭᠠᠳ ᠶᠡᠷᠦ ᠶᠢᠨ ᠮᠡᠳᠡᠯᠭᠡ ᠪᠠᠨ ᠳᠡᠭᠡᠭ᠍ᠰᠢᠯᠡᠬᠦᠯᠵᠦ᠂ ᠨᠤᠮ ᠰᠠᠶᠢᠨ ᠤᠩᠰᠢᠨ᠎ᠠᠭᠡᠵᠦ ᠰᠡᠳᠬᠢᠯ ᠳᠦᠭᠦᠷᠡᠩ ᠶᠠᠷᠢᠯ᠎ᠠ᠃ ᠨᠠᠶ᠋ᠮᠠᠨ ᠮᠤᠵᠢ ᠤᠷᠤᠨ ᠤ ᠮᠤᠩᠭ᠋ᠤᠯ ᠦᠨᠳᠦᠰᠦᠲᠠᠨ ᠤ ᠪᠠᠭ᠎ᠠ ᠰᠤᠷᠭᠠᠭᠤᠯᠢ ᠶᠢᠨ ᠰᠤᠷᠭᠠᠨ ᠬᠦᠮᠦᠵᠢᠯ ᠤᠨ ᠨᠡᠶᠢᠭᠡᠮᠯᠢᠭ᠌ ᠤᠨ ᠳᠠᠷᠤᠭ᠎ᠠ ᠰᠠᠴᠠᠨᠪᠠᠲᠤ᠄ 《ᠠᠩᠬᠠᠳᠤᠭᠠᠷ ᠤᠳᠠᠭ᠎ᠠ ᠶᠢᠨ ᠤᠷᠤᠯᠳᠤᠭᠠᠨ ᠲᠤᠩ ᠠᠮᠵᠢᠯᠲᠠ ᠲᠠᠢ ᠶᠠᠪᠤᠭᠳᠠᠯ᠎ᠠ᠃ ᠮᠠᠨ ᠤ  ᠰᠤᠷᠤᠭᠴᠢᠳ ᠤᠨ ᠦᠨᠳᠦᠰᠦᠨ ᠴᠢᠳᠠᠪᠤᠷᠢ ᠲᠤᠩ ᠰᠠᠶᠢᠨ ᠪᠠᠶᠢᠨ᠎ᠠ᠃ ᠳᠠᠩ ᠲᠦᠷᠦᠯ ᠤᠨ ᠤᠷᠤᠯᠳᠤᠭᠠᠨ ᠳᠤ ᠶᠡᠷᠡᠨ ᠬᠤᠪᠢ ᠠᠴᠠ ᠳᠡᠭᠡᠭ᠍ᠰᠢ ᠭᠠᠷᠤᠭᠰᠠᠨ ᠰᠤᠷᠤᠭᠴᠢᠳ ᠤᠯᠠᠨ ᠪᠠᠶᠢᠠᠠᠰᠠᠨ᠃ ᠰᠤᠷᠤᠭᠴᠢᠳ ᠤᠨ ᠲᠦᠷᠢᠮᠵᠢᠬᠦᠨ ᠪᠢᠴᠢᠯᠭᠡ᠂ ᠦᠭᠡᠰ ᠤᠨ ᠰᠠᠩ ᠪᠠᠶᠠᠯᠢᠭ ᠮᠡᠳᠡᠴᠡ ᠶᠢᠨ ᠲᠠᠯ᠎ᠠ ᠪᠠᠷ ᠵᠢᠭᠠᠬᠠᠨ ᠠᠨᠠᠢ ᠰᠢᠭ ᠪᠠᠶᠢᠭ᠎ᠠ ᠶᠢ ᠮᠡᠳᠡᠷᠡᠯ᠎ᠠ᠃ ᠡᠨᠡ ᠤᠷᠤᠯᠳᠤᠭᠠᠨ ᠢᠶᠠᠷ ᠳᠠᠮᠵᠢᠵᠦ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠦᠨᠳᠦᠰᠦᠨ ᠴᠢᠳᠠᠪᠤᠷᠢ ᠶᠢᠨ ᠬᠦᠮᠦᠵᠢᠯ ᠳᠤ ᠶᠠᠭᠤ ᠶᠢ ᠴᠢᠬᠤᠯᠠᠴᠢᠯᠠᠬᠤ ᠶᠢ ᠤᠯᠠᠮ ᠨᠢᠭᠡ ᠠᠯᠬᠤᠮ ᠤᠯᠵᠦ ᠮᠡᠳᠡᠯ᠎ᠠ᠃ ᠪᠢᠳᠠ ᠡᠨᠡᠬᠦ ᠤᠷᠤᠯᠳᠤᠭᠠᠨ ᠢ ᠵᠢᠯ ᠪᠤᠯᠭᠠᠨ ᠡᠷᠬᠢᠯᠡᠨ᠎ᠡ᠃ ᠳᠠᠷᠠᠭ᠎ᠠ ᠵᠢᠯ ᠠᠭᠤᠯᠭ᠎ᠠ ᠪᠠᠨ ᠪᠠᠶᠠᠯᠢᠭᠵᠢᠭᠤᠯᠵᠦ᠂ ᠪᠢᠴᠢᠭ᠌ ᠤᠨ ᠰᠤᠷᠪᠤᠯᠵᠢᠲᠤ ᠭᠡᠷ ᠪᠦᠯᠢ᠂ ᠪᠢᠴᠢᠬᠠᠨ ᠰᠢᠨᠵᠢᠯᠡᠬᠦ ᠤᠬᠠᠭᠠᠨᠴᠢ ᠭᠡᠷ ᠪᠦᠯᠢ᠂ ᠪᠢᠴᠢᠬᠠᠨ ᠲᠤᠭᠠᠨ ᠤ ᠤᠬᠠᠭᠠᠨᠴᠢ ᠭᠡᠷ ᠪᠦᠯᠢ ᠵᠡᠷᠭᠡ ᠶᠢ ᠰᠢᠯᠭᠠᠷᠠᠭᠤᠯᠤᠨ᠎ᠠᠭᠡᠵᠦ ᠬᠤᠵᠢᠮ ᠤᠨ ᠬᠠᠷᠠᠯᠳᠠ ᠪᠠᠨ ᠶᠠᠷᠢᠯ᠎ᠠ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120791120830959