蒙古文网站Logo
ᠰᠢᠨᠬᠤᠸᠠ ᠮᠤᠩᠭ᠋ᠤᠯ ᠨᠧᠲ

ᠬᠦᠯᠦᠨ ᠨᠠᠭᠤᠷ ᠤᠨ ᠲᠠᠯᠠᠪᠠᠢ 2044 ᠺᠦᠸᠠᠳ᠋ ᠺᠢᠯᠤᠮᠸᠲ᠋ᠷ ᠪᠤᠯᠪᠠ

2017-05-16 17:20

    ᠬᠡᠷᠦᠯᠦᠨ ᠭᠤᠤᠯ ᠵᠡᠷᠭᠡ ᠭᠤᠤᠯ ᠮᠦᠷᠡᠨ ᠤ ᠤᠷᠤᠰᠬᠠᠯ ᠤᠨ ᠨᠡᠮᠡᠭᠲᠡᠯ ᠪᠠ ᠬᠠᠯᠢᠶ᠎ᠠ ᠵᠡᠷᠭᠡ ᠶᠢᠨ ᠨᠦᠯᠦᠭᠡᠯᠡᠯ ᠡᠴᠡ ᠬᠦᠯᠦᠨ ᠨᠠᠭᠤᠷ ᠤᠨ ᠲᠠᠯᠠᠪᠠᠢ 2044 ᠺᠦᠸᠠᠳ᠋ ᠺᠢᠯᠤᠮᠸᠲ᠋ᠷ ᠪᠤᠯᠪᠠ᠃

    5 ᠰᠠᠷ᠎ᠠ ᠶᠢᠨ ᠡᠬᠢ ᠪᠡᠷ ᠬᠦᠯᠦᠨ ᠨᠠᠭᠤᠷ ᠤᠨ ᠡᠮᠦᠨ᠎ᠠ ᠬᠡᠰᠡᠭ ᠲᠤ ᠮᠦᠰᠦᠨ ᠭᠠᠲᠠᠷᠭᠤ ᠪᠠᠶᠢᠬᠤ ᠶᠢ ᠭᠠᠷᠭᠠᠪᠠᠯ ᠪᠤᠰᠤᠳ ᠬᠡᠰᠡᠭ ᠨᠢ ᠦᠨᠳᠦᠰᠦᠨ ᠳ᠋ᠡᠭᠡᠨ ᠭᠡᠰᠪᠡ᠃ ᠬᠦᠯᠦᠨ ᠨᠠᠭᠤᠷ ᠤᠨ ᠤᠯᠤᠰ ᠤᠨ ᠵᠡᠷᠭᠡᠯᠡᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠪᠦᠰᠡ ᠳᠤ ᠬᠤᠪᠤᠷ ᠴᠤᠬᠠᠭ ᠰᠢᠪᠠᠭᠤᠳ ᠤᠨ ᠲᠦᠷᠦᠯ ᠬᠡᠲᠦᠨ ᠲᠦᠮᠡ ᠪᠤᠢ᠃

    ᠤᠶᠢᠯᠠᠭᠠᠭᠰᠠᠨ ᠢᠶᠡᠷ᠂ ᠬᠦᠯᠦᠨ ᠨᠠᠭᠤᠷ ᠪᠤᠯ ᠮᠠᠨ ᠤ ᠤᠯᠤᠰ ᠤᠨ ᠲᠦᠷᠪᠡᠲᠦᠭᠡᠷ ᠲᠤᠮᠤ ᠴᠡᠩᠬᠡᠭ᠌ ᠤᠰᠤᠨ ᠨᠠᠭᠤᠷ ᠪᠤᠯᠤᠨ᠎ᠠ᠃ 2000 ᠤᠨ ᠡᠴᠡ ᠨᠠᠭᠠᠰᠢ᠂ ᠠᠭᠤᠷ ᠠᠮᠢᠰᠬᠤᠯ ᠤᠨ ᠨᠦᠯᠦᠭᠡᠯᠡᠯ ᠢᠶᠡᠷ᠂ ᠬᠦᠯᠤᠨ ᠨᠠᠭᠤᠷ ᠤᠨ ᠲᠠᠯᠠᠪᠠᠢ ᠪᠠᠭᠠᠰᠴᠤ᠂ ᠪᠠᠶᠢᠭᠠᠯᠢ ᠤᠷᠴᠢᠨ ᠰᠦᠷᠡᠬᠡᠢ ᠮᠠᠭᠤᠲᠠᠪᠠ᠃ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠪᠠ ᠬᠦᠯᠦᠨ ᠪᠤᠶᠢᠷ ᠬᠤᠲᠠ ᠡᠴᠡ ᠤᠯᠠᠨ ᠵᠦᠢᠯ ᠤᠨ ᠠᠷᠭ᠎ᠠ ᠬᠡᠮᠵᠢᠶ᠎ᠠ ᠠᠪᠴᠤ᠂ ᠵᠢᠭᠠᠰᠤ ᠠᠩᠨᠠᠯ ᠢ ᠵᠤᠭᠰᠤᠭᠠᠬᠤ᠂ ᠬᠠᠮᠠᠭᠠᠯᠠᠯᠲᠠ ᠶᠢᠨ ᠪᠦᠰᠡ ᠤᠶᠢᠷᠠᠯᠴᠠᠭ᠎ᠠ ᠭᠠᠵᠠᠷ ᠬᠠᠭᠠᠯᠪᠤᠷᠢᠯᠠᠬᠤ᠂ ᠠᠭᠤᠷᠬᠠᠢ ᠨᠡᠭᠡᠭᠡᠬᠦ ᠵᠡᠷᠭᠡ ᠠᠵᠢᠯᠯᠠᠭ᠎ᠠ ᠶᠢ ᠴᠦᠮ ᠵᠤᠭᠰᠤᠭᠠᠭᠰᠠᠨ ᠢᠶᠡᠷ 2014 ᠤᠨ ᠪᠤᠯᠬᠤ ᠳ᠋ᠤ ᠨᠠᠭᠤᠷ ᠤᠨ ᠲᠠᠯᠠᠪᠠᠢ 2092.55 ᠺᠦᠸᠠᠳ᠋ ᠺᠢᠯᠤᠮᠸᠲ᠋ᠷ ᠪᠤᠯᠪᠠ᠃

ᠢᠷᠡᠯᠳᠡ᠄ ᠦᠪᠦᠷ ᠮᠤᠩᠭ᠋ᠤᠯ ᠤᠨ ᠰᠤᠨᠢᠨ ᠮᠡᠲᠡᠭᠡ ᠶᠢᠨ ᠰᠦᠯᠵᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011120791120982504