蒙古文网站Logo
ᠰᠢᠨᠬᠤᠸᠠ ᠮᠤᠩᠭ᠋ᠤᠯ ᠨᠧᠲ

ᠹᠦᠰᠢᠨ᠄ ᠭᠠᠩ ᠤᠨ ᠪᠠᠶᠢᠲᠠᠯ ᠬᠡᠴᠡᠭᠦᠲᠡᠵᠡᠢ

2017-05-19 10:19

    ᠯᠢᠶᠤᠤᠨᠢᠩ ᠮᠤᠵᠢ ᠶᠢᠨ ᠹᠦᠰᠢᠨ ᠤ ᠮᠤᠩᠭ᠋ᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠤ ᠵᠡᠭᠡᠷᠭᠡᠨ᠎ᠡ ᠬᠤᠸᠠ ᠭᠠᠴᠠᠭᠠᠨ ᠤ ᠨᠠᠮ ᠤᠨ ᠡᠭᠦᠷ ᠤᠨ ᠱᠦᠵᠢ ᠮᠠᠤ ᠬᠠᠢ ᠮᠢᠩ ᠭᠠᠩ ᠤᠨ ᠪᠠᠶᠢᠲᠠᠯ ᠳ᠋ᠤ 3 ᠲᠠᠷᠢᠶᠠᠴᠢᠨ ᠡᠷᠦᠬᠡ ᠬᠤᠯᠪᠤᠭᠠᠯᠠᠨ ᠡᠾᠸᠺᠲ᠋ᠠᠷ ᠲᠠᠷᠢᠶᠠᠨ ᠭᠠᠵᠠᠷ ᠲᠠᠭᠠᠨ ᠡᠷᠳᠡᠨᠢ ᠰᠢᠰᠢ ᠲᠠᠷᠢᠭᠰᠠᠨ ᠦᠭᠡᠢ᠂ ᠬᠠᠷᠢᠨ ᠲᠦᠮᠦᠰᠦ ᠲᠠᠷᠢᠵᠤ᠂ ᠲᠤᠰᠤᠯᠭᠠᠨ ᠤᠰᠤᠯᠠᠬᠤ ᠪᠡᠷ ᠬᠦᠷᠦᠰᠦᠨ ᠤ ᠴᠢᠭᠢᠭ᠌ ᠤᠨ ᠬᠡᠮᠵᠢᠶ᠎ᠠ ᠶᠢ ᠨᠡᠮᠡᠭᠲᠡᠬᠦᠯᠵᠤ᠂ ᠤᠲᠤ ᠪᠤᠯᠬᠤ ᠳ᠋ᠤ ᠲᠦᠮᠦᠰᠦ ᠨᠢ ᠪᠦᠷ ᠰᠤᠶᠤᠭᠠᠯᠠᠵᠤ ᠴᠤᠬᠤᠢᠢᠵᠠᠢ᠃

    ᠭᠠᠩ ᠤᠨ ᠪᠠᠶᠢᠲᠠᠯ ᠬᠡᠴᠡᠬᠦᠦ ᠳ᠋ᠤ ᠹᠦᠰᠢᠨ ᠤ ᠲᠠᠷᠢᠶᠠᠴᠢᠳ ᠤᠨᠴᠠᠯᠢᠭ ᠲᠤᠨᠢ ᠲᠤᠬᠢᠷᠠᠭᠤᠯᠤᠨ ᠲᠤᠰᠤᠯᠭᠠᠨ ᠤᠰᠤᠯᠠᠬᠤ᠂ ᠤᠰᠤᠨ ᠲᠤᠲᠤᠷ᠎ᠠ ᠰᠠᠭᠤᠯᠭᠠᠬᠤ ᠵᠡᠷᠭᠡ ᠬᠡᠯᠪᠡᠷᠢ ᠪᠡᠷ ᠬᠠᠪᠤᠷ ᠤᠨ ᠲᠠᠷᠢᠶ᠎ᠠ ᠪᠠᠨ ᠲᠠᠷᠢᠵᠤ᠂ 5 ᠰᠠᠷ᠎ᠠ ᠶᠢᠨ 14 ᠤ ᠡᠲᠦᠷ ᠪᠤᠯᠬᠤ ᠳ᠋ᠤ ᠪᠦᠬᠦ ᠬᠤᠲᠠ ᠶᠢᠨ ᠨᠢᠭᠡᠨᠲᠡ ᠲᠠᠷᠢᠭᠰᠠᠨ ᠲᠠᠷᠢᠶᠠᠨ ᠭᠠᠵᠠᠷ 9.1 ᠲᠦᠮᠡᠨ ᠡᠾᠸᠺᠲ᠋ᠠᠷ ᠪᠤᠯᠵᠤ᠂ ᠲᠠᠷᠢᠬᠤ ᠪᠡᠷ ᠲᠦᠯᠦᠪᠯᠡᠵᠦ ᠪᠠᠶᠢᠭᠰᠠᠨ ᠭᠠᠵᠠᠷ ᠤᠨ 17.4% ᠶ᠋ᠢ ᠡᠵᠡᠯᠡᠪᠡ᠃

    5 ᠰᠠᠷ᠎ᠠ ᠶᠢᠨ 13 ᠤ ᠡᠲᠦᠷ ᠬᠦᠷᠦᠰᠦᠨ ᠤ ᠴᠢᠭᠢᠭ᠌ ᠤᠨ ᠬᠡᠮᠵᠢᠶ᠎ᠠ ᠶᠢ ᠬᠡᠮᠵᠢᠭᠰᠡᠨ ᠳ᠋ᠤ 10 ᠰᠡᠨᠲ᠋ᠢᠮᠸᠲ᠋ᠷ ᠡᠴᠡ 20 ᠰᠡᠨᠲ᠋ᠢᠮᠸᠲ᠋ᠷ ᠤᠨ ᠬᠤᠭᠤᠷᠤᠨᠲᠤ ᠲᠠᠷᠢᠵᠤ ᠪᠤᠯᠬᠤ ᠬᠦᠷᠦᠰᠦᠨ ᠤ ᠴᠢᠭᠢᠭ᠌ ᠤᠨ ᠬᠡᠮᠵᠢᠶ᠎ᠠ 6.8ᠪᠡᠷ ᠪᠠᠭᠤᠷᠠᠵᠤ᠂ ᠨᠤᠴᠢᠲᠠᠢ ᠭᠠᠩᠲᠠᠵᠤ ᠪᠠᠶᠢᠭ᠎ᠠ ᠰᠢᠶᠠᠩ ᠪᠠᠯᠭᠠᠰᠤ 77ᠳ᠋ᠤ ᠬᠦᠷᠪᠡ᠃ ᠹᠦᠰᠢᠨ ᠬᠤᠲᠠ ᠶᠢᠨ ᠦᠶᠡᠷ ᠢ ᠰᠡᠷᠭᠡᠶᠢᠯᠡᠵᠦ ᠭᠠᠩ  ᠲᠠᠢ ᠲᠡᠮᠡᠴᠡᠬᠦ ᠶᠢ ᠵᠢᠯᠤᠭᠤᠳᠬᠤ ᠠᠯᠪᠠᠨ ᠤ ᠡᠷᠬᠢᠯᠡᠭᠴᠢ ᠸᠠᠩ ᠶᠠᠨ ᠤ ᠶᠠᠷᠢᠬᠤ ᠪᠡᠷ᠂ ᠰᠡᠬᠦᠯ ᠤᠨ ᠦᠶ᠎ᠠ ᠳ᠋ᠤ ᠹᠦᠰᠢᠨ ᠳ᠋ᠤ ᠪᠤᠷᠤᠭᠠᠨ ᠤᠷᠤᠬᠰᠠᠨ ᠪᠤᠯᠪᠠᠴᠦ᠂ ᠭᠠᠩ ᠲᠠᠢᠢᠯᠵᠤ ᠴᠢᠲᠠᠭᠰᠠᠨ ᠦᠭᠡᠢ᠃ ᠠᠭᠠᠷ ᠤᠨ ᠲᠤᠯᠠᠭᠠᠨ ᠤ ᠲᠡᠭᠡ᠍ᠭ᠍ᠰᠢᠯᠡᠯᠲᠡ᠂ ᠰᠠᠯᠬᠢᠨ ᠤ ᠨᠦᠯᠦᠭᠡᠯᠡᠯ ᠢᠶᠡᠷ ᠭᠠᠩ ᠤᠨ ᠪᠠᠶᠢᠲᠠᠯ ᠦᠷᠬᠦᠯᠵᠢᠯᠡᠵᠦ᠂ ᠬᠠᠪᠤᠷ ᠤᠨ ᠲᠠᠷᠢᠶᠠᠯᠠᠭ᠎ᠠ ᠳ᠋ᠤ ᠠᠰᠢᠭ ᠦᠭᠡᠢ ᠭᠡᠵᠡᠢ᠃ ᠬᠦᠷᠦᠰᠦᠨ ᠤ ᠤᠰᠤ ᠲᠤᠲᠠᠭᠲᠠᠭᠰᠠᠨ ᠢᠶᠡᠷ᠂ ᠹᠦᠰᠢᠨ ᠤ 48 ᠤᠰᠤᠨ ᠴᠦᠬᠦᠷᠦᠮ ᠡᠴᠡ 2  ᠨᠢ ᠬᠠᠲᠠᠵᠤ᠂ ᠪᠤᠰᠤᠳ ᠨᠢ ᠵᠢᠯ ᠤᠨ ᠡᠬᠢᠨ ᠤ  ᠤᠰᠤᠨ ᠲᠦᠪᠰᠢᠨ ᠡᠴᠡ ᠲᠤᠮᠲᠠᠴᠢ ᠪᠡᠷ 0.46 ᠮᠸᠲ᠋ᠷ ᠲᠤᠷᠤᠭᠰᠢᠯᠠᠪᠠ᠃

    ᠹᠦᠰᠢᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠲᠤᠨ ᠡᠴᠡ ᠭᠠᠩ ᠲᠠᠢ ᠲᠡᠮᠡᠴᠡᠬᠦ ᠠᠵᠢᠯ ᠢ ᠢᠲᠡᠪᠬᠢᠲᠡᠢ ᠬᠢᠵᠦ᠂ ᠤᠰᠤᠨ ᠤ ᠡᠬᠢ ᠰᠤᠷᠪᠤᠯᠵᠢ ᠵᠦᠭᠡᠷᠬᠡᠨ ᠤᠷᠤᠨ ᠳ᠋ᠤ ᠤᠰᠤᠨ ᠲᠤᠲᠤᠷ᠎ᠠ ᠰᠠᠭᠤᠯᠭᠠᠬᠤ ᠵᠡᠷᠭᠡ ᠠᠷᠭ᠎ᠠ ᠬᠡᠮᠵᠢᠶ᠎ᠠ ᠠᠪᠴᠤ ᠪᠠᠶᠢᠨ᠎ᠠ᠃

ᠢᠷᠡᠯᠳᠡ᠄ ᠯᠢᠶᠤᠤᠨᠢᠩ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011120791121000629