蒙古文网站Logo
ᠰᠢᠨᠬᠤᠸᠠ ᠮᠤᠩᠭ᠋ᠤᠯ ᠨᠧᠲ

ᠤᠯᠠᠭᠠᠨᠴᠠᠪ ᠤᠨ ᠮᠢᠩ ᠤᠯᠤᠰ ᠤᠨ ᠤᠷᠲᠤ ᠴᠠᠭᠠᠨ ᠬᠡᠷᠡᠮ ᠦᠨ ᠬᠠᠵᠠᠭᠤ ᠡᠴᠠ 4 ᠺᠢᠯᠤᠮᠸᠲ᠋ᠷ ᠤᠨ 《 ᠰᠢᠨ᠎ᠡ ᠴᠠᠭᠠᠨ ᠬᠡᠷᠡᠮ 》 ᠢ ᠢᠯᠡᠷᠡᠭᠦᠯᠪᠡ

2017-05-23 17:24

    ᠰᠡᠭᠦᠯ ᠦᠶ ᠠ ᠳᠤ᠂ ᠤᠯᠠᠭᠠᠨᠴᠠᠪ ᠬᠣᠲᠠ ᠶ᠋ᠢᠨ ᠯᠢᠶᠠᠩᠴᠸᠩ ᠰᠢᠶᠠᠨ ᠤ ᠲᠡᠥᠬᠡ ᠶ᠋ᠢᠨ ᠳᠤᠷᠠᠰᠬᠠᠯᠲᠤ ᠵᠦᠢᠯᠡᠰ ᠢ ᠬᠠᠮᠠᠭᠠᠯᠠᠭᠰᠠᠨ ᠤᠷᠲᠤ ᠴᠠᠭᠠᠨ ᠬᠡᠷᠡᠮ ᠢ ᠲᠣᠭᠣᠷᠢᠨ ᠪᠠᠶᠢᠴᠠᠭᠠᠬᠤ ᠶᠠᠪᠤᠴᠠ ᠳ᠋ᠤ ᠪᠠᠨ ᠪᠠᠰᠠ ᠨᠢᠭᠡᠨ ᠬᠡᠰᠡᠭ ᠴᠠᠭᠠᠨ ᠬᠡᠷᠡᠮ ᠦᠨ ᠦᠯᠡᠳᠡᠭᠳᠡᠯ ᠢ ᠰᠢᠨ᠎ᠡ ᠪᠡᠷ ᠢᠯᠡᠷᠡᠭᠦᠯᠵᠡᠢ᠃ ᠡᠨᠡ ᠬᠦ ᠰᠢᠨ᠎ᠡ ᠪᠡᠷ ᠢᠯᠡᠷᠡᠭᠦᠯᠦᠭᠰᠡᠨ ᠤᠷᠲᠤ ᠴᠠᠭᠠᠨ ᠬᠡᠷᠡᠮ ᠨᠢ ᠪᠡᠭᠡᠵᠢᠩ ᠡᠴᠡ 440 ᠺᠢᠯᠤᠮᠸᠲ᠋ᠷ ᠤᠨ ᠵᠠᠢ ᠳ᠋ᠥ ᠪᠠᠶᠢᠷᠢᠰᠢᠵᠤ ᠪᠤᠢ᠂ ᠣᠳᠣᠬᠠᠨ ᠳ᠋ᠤ ᠲᠡᠥᠬᠡ ᠶ᠋ᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠡ ᠶᠠᠭ ᠰᠠᠶᠢᠬᠠᠨ ᠤᠯᠠᠮ ᠴᠢᠨᠠᠭᠰᠢᠲᠠ ᠪᠠᠶᠢᠴᠠᠭᠠᠨ ᠦᠵᠡᠵᠦ ᠪᠠᠶᠢᠨ᠎ᠠ᠃ ᠲᠤᠰ ᠤᠳᠠᠭᠠᠨ ᠤ ᠢᠯᠡᠷᠡᠭᠦᠯᠦᠯᠲᠡ ᠨᠢ᠂ ᠯᠢᠶᠠᠩᠴᠸᠩ ᠰᠢᠶᠠᠨ ᠤ ᠬᠠᠷᠢᠶᠠᠨ  ᠳᠡᠬᠢ ᠤᠷᠲᠤ ᠴᠠᠭᠠᠨ ᠬᠡᠷᠡᠮ ᠦᠨ ᠦᠯᠡᠳᠡᠭᠳᠡᠯ ᠦᠨ ᠶᠡᠷᠦᠩᠬᠡᠢ ᠤᠷᠲᠤ ᠶ᠋ᠢ 178 ᠺᠢᠯᠤᠮᠸᠲ᠋ᠷ ᠪᠣᠯᠲᠠᠯ᠎ᠠ ᠤᠷᠲᠤᠳᠬᠠᠬᠰᠠᠨ ᠡᠴᠡ ᠤᠯᠠᠭᠠᠨᠴᠠᠪ ᠬᠣᠲᠠ ᠶ᠋ᠢᠨ ᠬᠢᠯᠢ ᠳ᠋ᠡᠬᠢ ᠤᠷᠲᠤ ᠴᠠᠭᠠᠨ ᠬᠡᠷᠡᠮ ᠦᠨ ᠶᠡᠷᠦᠩᠬᠡᠢ ᠤᠷᠲᠤ ᠨᠢ 1404 ᠺᠢᠯᠤᠮᠸᠲ᠋ᠷ ᠲᠤ ᠬᠦᠷᠦᠭᠰᠡᠨ ᠪᠠᠶᠢᠨ᠎ᠠ᠃

    ᠰᠣᠷᠪᠤᠯᠵᠢᠯᠠᠭᠴᠢ ᠶ᠋ᠢᠨ ᠣᠶᠢᠯᠠᠭᠠᠭᠰᠠᠨ ᠢᠶᠠᠷ᠂ ᠲᠤᠰ ᠤᠳᠠᠭᠠᠨ ᠤ ᠢᠯᠡᠷᠡᠭᠦᠯᠦᠭᠰᠡᠨ ᠤᠷᠲᠤ ᠴᠠᠭᠠᠨ ᠬᠡᠷᠡᠮ ᠦᠨ ᠦᠯᠡᠳᠡᠭᠳᠡᠯ ᠨᠢ ᠬᠢᠯᠢ ᠳᠣᠲᠣᠷᠠᠬᠢ ᠮᠢᠩ ᠤᠯᠤᠰ ᠤᠨ ᠦᠶ᠎ᠡ ᠶ᠋ᠢᠨ ᠴᠠᠭᠠᠨ ᠬᠡᠷᠡᠮ ᠦᠨ 《 ᠶᠡᠬᠡ ᠬᠢᠵᠠᠭᠠᠷ》 ᠪᠠ 《 ᠬᠣᠶᠠᠳᠤᠭᠠᠷ ᠬᠢᠵᠠᠭᠠᠷ》 ᠤᠨ ᠬᠣᠭᠣᠷᠣᠨᠳᠤ ᠣᠷᠣᠰᠢᠵᠤ᠂ ᠡᠬᠢᠯᠡᠯᠲᠡ ᠶ᠋ᠢᠨ  ᠬᠡᠰᠡᠭ ᠨᠢ ᠯᠢᠶᠠᠩᠴᠸᠩ ᠰᠢᠶᠠᠨ ᠤ ᠵᠢᠷᠭᠤᠳᠤᠭᠠᠷ ᠰᠣᠮᠣ ᠶ᠋ᠢᠨ ᠮᠢᠶᠣᠣ ᠭᠧᠦ ᠼᠦᠨ ᠲᠤᠰᠬᠤᠨ ᠤ ᠪᠠᠷᠠᠭᠤᠨ ᠵᠠᠬ᠎ᠠ ᠳ᠋ᠤ ᠪᠠᠶᠢᠷᠢᠯᠠᠵᠤ᠂ ᠮᠢᠩ ᠤᠯᠤᠰ ᠤᠨ ᠦᠶ᠎ᠡ ᠶ᠋ᠢᠨ ᠤᠷᠲᠤ ᠴᠠᠭᠠᠨ ᠬᠡᠷᠡᠮ ᠦᠨ ᠬᠣᠶᠠᠳᠤᠭᠠᠷ ᠬᠢᠵᠠᠭᠠᠷ ᠲᠠᠢ ᠭᠤᠤ ᠠᠯᠤᠰᠯᠠᠨ ᠨᠢᠭᠤᠷᠯᠠᠵᠤ ᠪᠠᠶᠢᠨ᠎ᠠ᠃ ᠠᠩᠬ᠎ᠠ ᠠᠯᠬᠤᠮ ᠬᠠᠶᠢᠨ ᠬᠡᠮᠵᠢᠭᠰᠡᠨ ᠢᠶᠡᠷ᠂ ᠲᠤᠰ ᠬᠡᠰᠡᠭ ᠤᠷᠲᠤ ᠴᠠᠭᠠᠨ ᠬᠡᠷᠡᠮ ᠪᠠᠷᠤᠭ 4 ᠺᠢᠯᠤᠮᠸᠲ᠋ᠷ ᠤᠷᠲᠤ ᠪᠤᠢ᠃

    ᠣᠶᠢᠯᠠᠭᠠᠭᠰᠠᠨ ᠢᠶᠠᠷ᠂ ᠤᠯᠠᠭᠠᠨᠴᠠᠪ ᠬᠣᠲᠠ ᠪᠣᠯ ᠥᠪᠥᠷ ᠮᠣᠩᠭᠣᠯ ᠤᠨ ᠦᠪᠡᠷᠲᠡᠭᠡᠨ ᠵᠠᠰᠠᠬᠤ ᠣᠷᠣᠨ ᠳᠡᠬᠢ ᠣᠯᠠᠨ ᠴᠠᠭ ᠦᠶ᠎ᠡ ᠶ᠋ᠢᠨ ᠤᠷᠲᠤ ᠴᠠᠭᠠᠨ ᠬᠡᠷᠡᠮ ᠢ ᠴᠦᠮ ᠬᠠᠳᠠᠭᠠᠯᠠᠵᠤ ᠪᠠᠶᠢᠭ᠎ᠠ ᠠᠶᠢᠮᠠᠭ ᠬᠣᠲᠠ ᠪᠣᠯᠣᠨ᠎ᠠ᠂ ᠡᠨᠳᠡ ᠪᠠᠶᠢᠯᠳᠤᠭᠠᠨᠲᠤ ᠤᠯᠤᠰ ᠤᠨ ᠦᠶ᠎ᠡ ᠶ᠋ᠢᠨ ᠵᠣᠣ ᠤᠯᠤᠰ ᠤᠨ ᠴᠠᠭᠠᠨ ᠬᠡᠷᠡᠮ᠂ ᠴᠢᠨ ᠤᠯᠤᠰ᠂ ᠬᠠᠨ ᠤᠯᠤᠰ ᠤᠨ ᠦᠶ᠎ᠡ ᠶ᠋ᠢᠨ ᠴᠠᠭᠠᠨ ᠬᠡᠷᠡᠮ᠂ ᠤᠮᠠᠷᠠᠲᠤ ᠸᠸᠢ ᠤᠯᠤᠰ ᠤᠨ ᠦᠶ᠎ᠡ ᠶ᠋ᠢᠨ ᠴᠠᠭᠠᠨ ᠬᠡᠷᠡᠮ᠂ ᠠᠯᠳᠠᠨ ᠤᠯᠤᠰ ᠤᠨ ᠦᠶ᠎ᠡ ᠶ᠋ᠢᠨ ᠤᠷᠲᠤ ᠴᠠᠭᠠᠨ ᠬᠡᠷᠡᠮ ( ᠵᠢᠨ ᠵᠢᠶᠧ ᠬᠣᠥ)᠂ ᠮᠢᠩ ᠤᠯᠤᠰ ᠤᠨ ᠦᠶ᠎ᠡ ᠶ᠋ᠢᠨ ᠴᠠᠭᠠᠨ ᠬᠡᠷᠡᠮ ᠵᠡᠷᠭᠡ ᠲᠠᠪᠤᠨ ᠶᠡᠬᠡ ᠴᠠᠭᠠᠨ ᠬᠡᠷᠡᠮ ᠦᠨ ᠦᠯᠡᠳᠡᠭᠳᠡᠯ ᠣᠷᠣᠰᠢᠵᠤ ᠪᠠᠶᠢᠲᠠᠭ᠂ ᠶᠡᠷᠦᠩᠬᠡᠢ ᠤᠷᠲᠤ ᠨᠢ ᠪᠠᠷᠤᠭ 1400 ᠺᠢᠯᠤᠮᠸᠲ᠋ᠷ᠂ ᠬᠤᠲᠠ ᠳᠠᠶᠠᠭᠠᠷ ᠤᠨ 11 ᠬᠤᠰᠢᠭᠤ ᠰᠢᠶᠠᠨ ᠬᠣᠲᠠ ᠲᠣᠭᠣᠷᠢᠭ ᠲᠤ ᠲᠠᠷᠬᠠᠵᠤ ᠪᠠᠶᠢᠨ᠎ᠠ᠃

ᠢᠷᠡᠯᠳᠡ᠄ ᠠᠷᠠᠳ ᠤᠨ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011100001121022299