蒙古文网站Logo
ᠰᠢᠨᠬᠤᠸᠠ ᠮᠤᠩᠭ᠋ᠤᠯ ᠨᠧᠲ

ᠲᠦᠪᠲᠡᠢ ᠭᠤᠤᠯ ᠤᠨ ᠲᠡᠨᠵᠢᠨ ᠳ᠋ᠡᠬᠢ ᠮᠠᠨᠵᠦᠲ᠋ᠦ᠋ᠨ ᠳ᠋ᠤ ᠦᠨᠳᠦᠰᠦᠳᠡᠨ ᠨᠤᠬᠦᠳ ᠡᠶ᠎ᠡ ᠨᠠᠶᠢᠷᠠᠮᠳᠠᠭᠤ ᠠᠮᠢᠳᠤᠷᠠᠯ ᠦᠬᠡᠳᠡ ᠡᠰᠡᠷᠡᠭ

2017-06-07 17:38

    ᠰᠢᠨᠬᠤᠧᠠ ᠮᠤᠩᠭᠤᠯ ᠨᠧᠲ  ᠬᠢᠩᠭᠠᠨ ᠤ 6 ᠰᠠᠷ᠎ᠠ ᠶᠢᠨ 6 ᠤ ᠡᠲᠦᠷ ᠤᠨ ᠴᠠᠬᠢᠯᠭᠠᠨ ᠮᠡᠲᠡᠭᠡ (ᠬ •ᠦᠵᠡᠰᠭᠦᠯᠡᠩ ) ᠬᠢᠩᠭᠠᠨ ᠲᠠᠪᠠᠭᠠᠨ ᠤ ᠡᠮᠦᠨ᠎ᠡ ᠪᠡᠯ ᠳ᠋ᠤ ᠪᠠᠶᠢᠷᠢᠯᠠᠬᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠮᠠᠨᠵᠦᠲ᠋ᠦ᠋ᠨ ᠤ ᠮᠠᠨᠵᠤ ᠦᠨᠳᠦᠰᠦᠲᠡᠨ ᠤ ᠰᠢᠶᠠᠩ ᠪᠤᠯ ᠮᠠᠨᠵᠤ ᠦᠨᠳᠦᠰᠦᠲᠡᠨ ᠢᠶᠡᠷ ᠭᠤᠤᠯ ᠴᠤᠭᠴᠠ ᠪᠤᠯᠭᠠᠵᠤ᠂ ᠮᠤᠩᠭᠤᠯ ᠦᠨᠳᠦᠰᠦᠲᠡᠨ ᠤᠯᠠᠨ ᠲᠤᠭ᠎ᠠ ᠶᠢ ᠡᠵᠡᠯᠡᠭᠰᠡᠨ ᠨᠡᠭᠦᠲᠡᠯ ᠮᠠᠯᠵᠢᠯ ᠡᠷᠬᠢᠯᠡᠵᠦ ᠪᠦᠬᠦᠢ ᠴᠤᠷ ᠤᠨ ᠭᠠᠭᠴᠠ ᠮᠠᠨᠵᠤ ᠦᠨᠳᠦᠰᠦᠲᠡᠨ ᠤ ᠬᠢᠯᠢ ᠲᠠᠭᠠᠤ ᠦᠨᠳᠦᠰᠦᠲᠡᠨ ᠤ ᠰᠢᠶᠠᠩ ᠪᠤᠯᠬᠤ ᠪᠡᠷ ᠪᠠᠷᠠᠬᠤ ᠦᠭᠡᠢ ᠮᠠᠨ ᠤ ᠤᠯᠤᠰ ᠤᠨ ᠮᠠᠯᠵᠢᠬᠤ ᠤᠷᠤᠨ ᠤ ᠠᠷᠠᠳᠴᠢᠯᠠᠭᠰᠠᠨ ᠦᠭᠡᠷᠡᠴᠢᠯᠡᠯᠲᠡ ᠶᠢᠨ《ᠭᠤᠷᠪᠠᠨ ᠦᠭᠡᠢ ᠬᠤᠶᠠᠭᠤᠯᠠ ᠳ᠋ᠤ ᠠᠰᠢᠭᠲᠠᠢ》ᠲᠦᠷᠦ ᠶᠢᠨ ᠪᠤᠲᠤᠯᠭ᠎ᠠ ᠶᠢᠨ ᠲᠤᠷᠰᠢᠯᠲᠠ ᠶᠢᠨ ᠤᠷᠤᠨ ᠶᠤᠮ᠃ ᠲᠤᠰ ᠰᠢᠶᠠᠩ ᠨᠢ《ᠤᠯᠤᠰ ᠲᠠᠶᠠᠭᠠᠷ ᠤᠨ ᠦᠨᠳᠦᠰᠦᠲᠡᠨ ᠤ ᠪᠦᠯᠬᠦᠮᠲᠡᠯ ᠲᠠᠪᠰᠢᠯᠲᠠ ᠶᠢᠨ ᠵᠢᠱᠢᠶ᠎ᠡ ᠦᠵᠡᠬᠦᠯᠬᠦ ᠰᠢᠶᠠᠩ》 ᠢᠶᠡᠷ ᠬᠤᠶᠠᠷᠲᠠ ᠦᠨᠡᠯᠡᠭᠲᠡᠵᠦ᠂ 《ᠦᠪᠡᠷᠲᠡᠭᠡᠨ ᠵᠠᠰᠠᠬᠤ ᠤᠷᠤᠨ ᠤ ᠦᠨᠳᠦᠰᠦᠲᠡᠨ ᠤ ᠪᠦᠯᠬᠦᠮᠲᠡᠯ ᠲᠠᠪᠰᠢᠯᠲᠠ ᠶᠢᠨ ᠵᠢᠱᠢᠶ᠎ᠡ ᠦᠵᠡᠬᠦᠯᠬᠦ ᠰᠢᠶᠠᠩ》 ᠢᠶᠡᠷ ᠤᠯᠠᠨ ᠤᠲᠠᠭ᠎ᠠ ᠦᠨᠡᠯᠡᠭᠲᠡᠪᠡ᠃

    ᠮᠠᠨᠵᠦᠲ᠋ᠦ᠋ᠨ ᠤ ᠮᠠᠨᠵᠤ ᠦᠨᠳᠦᠰᠦᠲᠡᠨ ᠤ ᠰᠢᠶᠠᠩ ᠳ᠋ᠤ ᠨᠡᠶᠢᠲᠡ 1406 ᠡᠷᠦᠬᠡ᠂ 4678 ᠬᠦᠮᠦᠨ ᠠᠮᠠ ᠲᠠᠢ᠃ ᠪᠠᠶᠢᠭᠠᠯᠢᠯᠢᠭ ᠪᠡᠯᠴᠢᠭᠡᠷ 289 ᠲᠦᠮᠡᠨ ᠮᠦ᠂ ᠨᠤᠭᠤ ᠭᠠᠵᠠᠷ 60 ᠲᠦᠮᠡᠨ ᠮᠦ᠂ ᠤᠶᠢᠲᠤ ᠭᠠᠵᠠᠷ 112 ᠲᠦᠮᠡᠨ ᠮᠦ᠂ ᠤᠰᠤ ᠪᠡᠯᠴᠢᠭᠡᠷ ᠰᠠᠶᠢᠨ᠂ ᠬᠦᠷᠦᠰᠦ ᠰᠢᠷᠤᠢ ᠦᠩ ᠰᠢᠮᠡᠯᠢᠭ ᠪᠠᠶᠢᠳᠠᠭ ᠢᠶᠡᠷ ᠢᠶᠡᠨ ᠮᠠᠯ ᠮᠠᠯᠵᠢᠬᠤ ᠳ᠋ᠤ ᠲᠤᠬᠢᠷᠠᠮᠵᠢᠲᠠᠢ᠃

    ᠲᠤᠬᠠᠢ ᠶᠢᠨ ᠤᠷᠤᠨ ᠤ ᠨᠠᠮ ᠵᠠᠰᠠᠭ ᠡᠴᠡ ᠮᠠᠯᠵᠢᠬᠤ ᠦᠢᠯᠡᠳᠪᠦᠷᠢᠯᠡᠯ ᠢᠶᠡᠷ ᠢᠷᠭᠡᠳ ᠢ ᠪᠠᠶᠠᠵᠢᠭᠤᠯᠬᠤ ᠪᠡᠷ ᠤᠰᠤ᠂ ᠡᠷᠴᠢᠮ ᠬᠦᠴᠦ᠂ ᠮᠠᠯ ᠤᠨ ᠬᠠᠰᠢᠶ᠎ᠠ ᠰᠠᠷᠠᠪᠴᠢ ᠵᠡᠷᠭᠡ ᠲᠡᠳ᠋ ᠪᠦᠲᠦᠴᠡ ᠶᠢ ᠲᠠᠰᠤᠷᠠᠯᠲᠠ ᠦᠭᠡᠢ ᠲᠡᠭᠦᠯᠲᠡᠷᠵᠢᠬᠦᠯᠵᠦ᠂ ᠮᠠᠯ ᠤᠨ ᠲᠤᠭ᠎ᠠ ᠶᠢ ᠪᠠᠭᠠᠰᠬᠠᠨ ᠪᠦᠲᠦᠴᠡ ᠶᠢ ᠨᠢ ᠰᠢᠯᠢᠲᠡᠭᠵᠢᠬᠦᠯᠦᠭᠰᠡᠭᠡᠷ ᠮᠠᠯ ᠤᠨ ᠳᠤᠭ᠎ᠠ ᠤᠳᠤ 42 ᠲᠦᠮᠡ ᠬᠦᠷᠴᠦ᠂ ᠮᠠᠯᠴᠢᠳ ᠤᠨ 2016 ᠤᠨ ᠤ ᠬᠦᠮᠦᠨ ᠲᠤᠮᠲᠠᠴᠢ ᠶᠢᠨ ᠴᠡᠪᠡᠷ ᠤᠷᠤᠯᠭ᠎ᠠ 13000 ᠲᠦᠭᠦᠷᠢᠭ ᠲᠤ ᠬᠦᠷᠴᠡᠢ᠃

    ᠮᠠᠨᠵᠦᠲ᠋ᠦ᠋ᠨ ᠤ ᠮᠠᠨᠵᠤ ᠦᠨᠳᠦᠰᠦᠲᠡᠨ ᠤ ᠰᠢᠶᠠᠩ ᠤᠨ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠭᠡᠰᠢᠬᠦᠨ ᠯᠢ ᠵᠢᠨ ᠴᠧᠩ ᠬᠡᠯᠡᠬᠦ ᠳ᠋ᠡᠭᠡᠨ᠂ ᠮᠠᠨ ᠤ ᠰᠢᠶᠠᠩ ᠪᠤᠯ ᠮᠠᠨᠵᠤ ᠮᠤᠩᠭᠤᠯ ᠦᠨᠳᠦᠰᠦᠲᠡᠨ ᠤ ᠰᠤᠶᠤᠯ ᠪᠠᠶᠠᠯᠢᠬ ᠰᠢᠶᠠᠡᠭ ᠶᠤᠮ᠃ ᠰᠤᠶᠤᠯ ᠢᠶᠡᠷ ᠰᠢᠶᠠᠩ ᠢᠶᠡᠨ ᠬᠦᠭ᠍ᠵᠢᠬᠦᠯᠬᠦ ᠪᠡᠷ ᠰᠤᠶᠤᠯ ᠰᠫᠤᠷᠲ ᠤᠨ ᠲᠦᠪ᠂ ᠠᠵᠢᠯ ᠤᠨ ᠴᠢᠯᠦᠭᠡᠨ ᠤ ᠤᠯᠠᠭᠠᠨᠮᠦ᠋ᠴᠢᠷ᠂ ᠮᠠᠨᠵᠦᠲ᠋ᠦ᠋ᠨ ᠤ ᠮᠦᠽᠧᠢ᠂ ᠵᠠᠰᠠᠭᠲᠤ ᠬᠤᠰᠢᠭᠤᠨ ᠤ ᠠᠷᠠᠳ ᠤᠨ ᠲᠠᠭᠤᠤ ᠶᠢᠨ ᠤᠷᠤᠯᠲᠤᠭᠠᠨ᠂ ᠮᠠᠨᠵᠤ ᠮᠤᠩᠭᠤᠯ ᠤᠨ ᠬᠠᠮᠲᠤ ᠶᠢᠨ ᠤᠪᠤᠭ᠎ᠠ ᠪᠤᠯᠬᠤ ᠴᠠᠭᠠᠠᠤᠪᠤᠭ᠎ᠠ ᠶᠢᠨ ᠲᠠᠬᠢᠯᠭ᠎ᠠ ᠵᠡᠷᠭᠡ ᠤᠯᠠᠨ ᠵᠦᠢᠯ ᠤᠨ ᠠᠷᠭ᠎ᠠ ᠬᠡᠮᠵᠢᠶ᠎ᠠ᠂ ᠦᠢᠯᠡ ᠠᠵᠢᠯᠯᠠᠭ᠎ᠠ ᠵᠤᠬᠢᠶᠠᠨ ᠪᠠᠶᠢᠭᠤᠯᠵᠤ ᠮᠠᠯᠴᠢᠳ ᠤᠨ ᠰᠤᠶᠤᠯ ᠤᠨ ᠠᠮᠢᠲᠤᠷᠠᠯ ᠢ ᠪᠠᠶᠠᠯᠢᠭᠵᠢᠭᠤᠯᠵᠤ ᠪᠠᠶᠢᠨ᠎ᠠ ᠬᠡᠵᠡᠢ᠃

    ᠮᠠᠨᠵᠤ ᠶᠢᠨ ᠬᠤᠷᠢᠮ ᠤᠨ ᠶᠤᠰᠤᠯᠠᠯ ᠢ ᠤᠯᠤᠰ ᠤᠨ ᠵᠡᠷᠭᠡᠯᠡᠯ ᠤᠨ ᠪᠠᠶᠡᠲᠦ ᠪᠤᠰᠤ ᠰᠤᠶᠤᠯ ᠤᠨ ᠦᠪ ᠢᠶᠡᠷ ᠪᠦᠷᠢᠳᠭᠡᠬᠦᠯᠵᠦ᠂ ᠮᠠᠨᠵᠤ ᠦᠨᠳᠦᠰᠦᠲᠡᠨ ᠤ ᠰᠤᠶᠤᠯ ᠨᠢ ᠦᠪᠡᠷᠲᠡᠭᠡᠨ ᠵᠠᠰᠠᠬᠤ ᠤᠷᠤᠨ ᠤ ᠠᠩᠬᠠᠨ ᠤ ᠡᠭᠡᠯᠵᠢ ᠶᠢᠨ ᠪᠡᠶᠡᠲᠦ ᠪᠤᠰᠤ ᠰᠤᠶᠤᠯ ᠤᠨ ᠦᠪ ᠤᠨ ᠬᠠᠮᠠᠭᠠᠯᠠᠯᠲᠠ ᠶᠢᠨ ᠲᠦᠰᠦᠯ ᠳ᠋ᠤ ᠤᠷᠤᠪᠠ᠃ ᠡᠭᠦᠨ ᠡᠴᠡ ᠭᠠᠲᠠᠨ᠎ᠠ 10 ᠵᠦᠢᠯ ᠤᠨ ᠠᠷᠠᠳ ᠤᠨ ᠵᠠᠩ ᠦᠢᠯᠡ ᠨᠢ ᠠᠶᠢᠮᠠᠭ ᠤᠨ ᠵᠡᠷᠭᠡᠯᠡᠯ ᠤᠨ ᠪᠡᠶᠡᠲᠦ ᠪᠤᠰᠤ ᠰᠤᠶᠤᠯ ᠤᠨ ᠦᠪ ᠢᠶᠡᠷ ᠪᠦᠷᠢᠳᠭᠡᠭᠲᠡᠪᠡ᠃

    ᠮᠠᠨᠵᠦᠲ᠋ᠦ᠋ᠨ ᠤ ᠮᠠᠨᠵᠤ ᠦᠨᠳᠦᠰᠦᠲᠡᠨ ᠤ ᠰᠢᠶᠠᠩ ᠦᠪᠡᠷᠮᠢᠴᠡ ᠤᠨᠴᠠᠯᠢᠭ ᠲᠠᠢ ᠵᠢᠭᠤᠯᠴᠢᠯᠠᠯ ᠤᠨ ᠡᠬᠢ ᠪᠠᠶᠠᠯᠢᠭ ᠲᠤ ᠰᠠᠭᠤᠷᠢᠯᠠᠵᠤ ᠤᠪᠤᠭ᠎ᠠ ᠲᠠᠬᠢᠯᠭ᠎ᠠ᠂ ᠨᠠᠶᠢᠷ ᠨᠠᠭᠠᠲᠤᠮ᠂ ᠠᠷᠠᠳ ᠤᠨ ᠲᠠᠭᠤᠤ ᠶᠢᠨ ᠤᠷᠤᠯᠲᠤᠭᠠᠨ ᠵᠡᠷᠭᠡ ᠰᠤᠶᠤᠯ ᠲᠠᠮᠢᠷ ᠤᠨ ᠠᠵᠢᠯᠯᠠᠭ᠎ᠠ ᠲᠠᠢ ᠪᠠᠨ ᠤᠶᠠᠯᠲᠤᠭᠤᠯᠤᠨ ᠠᠶᠠᠯᠠᠯ ᠵᠢᠭᠤᠯᠴᠢᠯᠠᠯ ᠤᠨ ᠦᠢᠯᠡᠰ ᠢ ᠬᠦᠭ᠍ᠵᠢᠬᠦᠯᠵᠦ ᠪᠠᠶᠢᠨ᠎ᠠ᠃ ᠰᠡᠬᠦᠯ ᠤᠨ ᠦᠶ᠎ᠠ ᠳ᠋ᠤ᠂ ᠵᠢᠭᠤᠯᠴᠢᠳ ᠲᠠᠪᠬᠤᠷᠲᠠᠭᠰᠠᠨ ᠲᠤᠭ᠎ᠠ ᠪᠡᠷ 2 ᠲᠦᠮᠡ ᠬᠦᠷᠴᠦ᠂ 2015 ᠤᠨ ᠳ᠋ᠤ ᠳᠤᠰ ᠰᠢᠶᠠᠩ ᠤᠨ ᠮᠠᠨᠵᠦᠲ᠋ᠦ᠋ᠨ ᠭᠠᠴᠠᠭ᠎ᠠ ᠨᠢ ᠤᠯᠤᠰ ᠤᠨ ᠠᠶᠠᠯᠠᠯ ᠵᠢᠭᠤᠯᠴᠢᠯᠠᠯ ᠢᠶᠡᠷ ᠢᠷᠭᠡᠳ ᠢᠶᠡᠨ ᠪᠠᠶᠠᠵᠢᠭᠤᠯᠬᠤ ᠵᠢᠱᠢᠶ᠎ᠠ ᠦᠵᠡᠬᠦᠯᠬᠦ ᠭᠠᠴᠠᠭ᠎ᠠ ᠪᠤᠯᠵᠤ᠂ ᠪᠦᠬᠦ ᠰᠠᠯᠪᠤᠷᠢ ᠶᠢᠨ ᠠᠶᠠᠯᠠᠯ ᠵᠢᠭᠤᠯᠴᠢᠯᠠᠯ ᠤᠨ ᠦᠢᠯᠡᠰ ᠢ ᠬᠦᠭ᠍ᠵᠢᠬᠦᠯᠵᠦ ᠪᠠᠶᠢᠨ᠎ᠠ᠃

    ᠮᠠᠨᠵᠦᠲ᠋ᠦ᠋ᠨ ᠤ ᠮᠠᠨᠵᠤ ᠦᠨᠳᠦᠰᠦᠲᠡᠨ ᠤ ᠰᠢᠶᠠᠩ ᠤᠨ ᠲᠦᠪᠭᠡᠷᠡᠯ ᠭᠠᠴᠠᠭᠠᠨ ᠤ ᠮᠠᠯᠴᠢᠨ ᠪᠤᠶᠠᠨᠪᠠᠲᠠᠷᠠᠬᠤ ᠬᠡᠯᠡᠬᠦ ᠳ᠋ᠡᠭᠡᠨ᠂ ᠮᠠᠨ ᠤ ᠨᠤᠲᠤᠭ ᠪᠤᠯ ᠮᠠᠨᠵᠤ ᠮᠤᠩᠭᠤᠯ ᠡᠶ᠎ᠡ ᠨᠢᠭᠡᠲᠡᠢ᠂ ᠡᠪ ᠨᠠᠶᠢᠷᠠᠮᠲᠠᠯ ᠲᠠᠢ ᠰᠠᠶᠢᠬᠠᠨ ᠭᠠᠵᠠᠷ ᠶᠤᠮ᠃ ᠨᠠᠮ ᠤᠨ ᠦᠨᠳᠦᠰᠦᠲᠡᠨ ᠤ ᠲᠦᠷᠦ ᠶᠢᠨ ᠪᠤᠲᠤᠯᠭ᠎ᠠ ᠶᠢᠨ ᠲᠤᠶᠠᠭᠠᠯᠠᠯ ᠢᠶᠡᠷ ᠦᠨᠳᠦᠰᠦᠲᠡᠨ ᠲᠦᠮᠡᠨ ᠢᠶᠡᠷ ᠢᠶᠡᠨ ᠡᠪ ᠨᠢᠭᠡᠲᠦᠯ ᠲᠠᠢ ᠮᠠᠯᠴᠢᠨ ᠲᠦᠮᠡᠨ ᠵᠤᠯ ᠵᠢᠷᠭᠠᠯᠲᠠᠢ ᠠᠮᠢᠲᠤᠷᠠᠵᠤ ᠪᠠᠶᠢᠨ᠎ᠠ ᠭᠡᠵᠡᠢ᠃ (ᠵᠢᠷᠤᠭ ᠢ ᠪᠠᠢ ᠬᠠᠢ ᠱᠦᠨ᠂ ᠰᠦᠨ ᠫᠦ᠋ ᠢᠤᠢ)

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121104047