蒙古文网站Logo
ᠰᠢᠨᠬᠤᠸᠠ ᠮᠤᠩᠭ᠋ᠤᠯ ᠨᠧᠲ

ᠥᠪᠦᠷ ᠮᠣᠩ᠋ᠭᠤᠯ ᠤᠨ ᠬᠤᠶᠠᠷ ᠲᠠᠯ᠎ᠠ ᠨᠤᠲᠤᠭ ᠤᠨ ᠭᠠᠩ ᠤᠨ ᠪᠠᠶᠢᠳᠠᠯ ᠬᠦᠨᠳᠤ ᠨᠤᠴᠢᠲᠠᠢ

2017-06-11 14:58

    ᠰᠢᠨᠬᠤᠧᠠ ᠬᠤᠷᠢᠶ᠎ᠠ ᠬᠦᠬᠡᠬᠤᠲᠠ ᠶᠢᠨ 6 ᠰᠠᠷ᠎ᠠ ᠶᠢᠨ 10 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠬᠴᠢ ᠬᠠᠯᠢᠨ᠎ᠠ) ᠰᠤᠷᠪᠤᠯᠵᠢᠯᠠᠬᠴᠢ ᠥᠪᠦᠷ ᠮᠣᠩ᠋ᠭᠤᠯ ᠤᠨ ᠥᠪᠡᠷᠲᠡᠬᠡᠨ ᠵᠠᠰᠬᠠᠤ ᠤᠷᠤᠨ ᠤ ᠴᠠᠭ ᠠᠭᠤᠷ ᠤᠨ ᠲᠤᠪᠴᠢᠶ᠎ᠠ ᠡᠴᠡ ᠤᠶᠢᠯᠠᠭᠠᠭᠰᠠᠨ ᠢᠶᠡᠷ᠂ ᠤᠶᠢᠷ᠎ᠠ ᠳᠤ ᠠᠭᠠᠬᠢᠮ᠎ᠠ ᠬᠠᠯᠠᠭᠤᠨ ᠴᠠᠭ ᠠᠭᠠᠷ ᠪᠠ ᠤᠷᠲᠤ ᠬᠤᠭᠤᠴᠠᠭ᠎ᠠ ᠪᠤᠷᠤᠭ᠎ᠠ ᠬᠤᠷ᠎ᠠ ᠦᠬᠡᠢ ᠨᠦᠯᠦᠬᠡ ᠡᠴᠡ᠂ ᠥᠪᠦᠷ ᠮᠣᠩ᠋ᠭᠤᠯ ᠤᠨ ᠥᠪᠡᠷᠲᠡᠬᠡᠨ ᠵᠠᠰᠬᠠᠤ ᠤᠷᠤᠨ ᠤ ᠰᠢᠯᠢ ᠶᠢᠨ ᠭᠤᠤᠯ ᠠᠶᠢᠮᠠᠭ ᠤᠨ ᠶᠡᠬᠡᠩᠬᠢ ᠪᠦᠰᠡ ᠨᠤᠲᠤᠭ ᠪᠠ ᠬᠦᠯᠦᠨ ᠪᠤᠶᠢᠷ ᠬᠤᠲᠠ ᠶᠢᠨ ᠪᠠᠷᠠᠭᠤᠨ ᠡᠮᠦᠨ᠎ᠠ ᠪᠦᠰᠡ ᠨᠤᠲᠤᠭ ᠤᠨ ᠭᠠᠩ ᠤᠨ ᠪᠠᠶᠢᠳᠠᠯ ᠬᠦᠨᠳᠤ ᠨᠤᠴᠢᠲᠠᠢ ᠪᠣᠯᠵᠡᠢ᠂ ᠨᠡᠩ ᠵᠠᠷᠢᠮ ᠭᠠᠵᠠᠷ ᠢᠶᠡᠷ 64 ᠡᠳᠦᠷ ᠪᠤᠷᠤᠭᠠᠨ ᠤᠷᠤᠭᠰᠠᠨ ᠦᠬᠡᠢ᠃

    ᠰᠢᠯᠢ ᠶᠢᠨ ᠭᠤᠤᠯ ᠤᠨ ᠲᠠᠯ᠎ᠠ ᠨᠤᠲᠤᠭ ᠪᠤᠯᠤᠨ ᠬᠦᠯᠦᠨ ᠪᠤᠶᠢᠷ ᠤᠨ ᠲᠠᠯ᠎ᠠ ᠨᠤᠲᠤᠭ ᠪᠤᠯ ᠥᠪᠦᠷ ᠮᠣᠩ᠋ᠭᠤᠯ ᠤᠨ ᠬᠠᠮᠤᠭ ᠤᠨ ᠠᠯᠳᠠᠷᠲᠤ ᠬᠤᠶᠠᠷ ᠲᠠᠯ᠎ᠠ ᠨᠤᠲᠤᠭ ᠪᠤᠯᠬᠤ ᠪᠦᠬᠡᠳ ᠬᠠᠮᠤᠭ ᠤᠨ ᠰᠢᠯᠢᠳᠡᠭ ᠪᠠᠶᠢᠭᠠᠯᠢᠯᠢᠬ ᠪᠡᠯᠴᠢᠭᠡᠷ ᠮᠦᠨ᠃ ᠥᠪᠦᠷ ᠮᠣᠩ᠋ᠭᠤᠯ ᠤᠨ ᠥᠪᠡᠷᠲᠡᠬᠡᠨ ᠵᠠᠰᠬᠠᠤ ᠤᠷᠤᠨ ᠤ ᠴᠠᠭ ᠠᠭᠤᠷ ᠤᠨ ᠲᠤᠪᠴᠢᠶᠠᠨ ᠤ ᠪᠦᠷᠢᠳᠭᠡᠭ᠍ᠰᠡᠨ ᠲᠤᠭ᠎ᠠ ᠪᠠᠷᠢᠮᠲᠠ ᠡᠴᠡ ᠤᠶᠢᠯᠠᠭᠠᠭᠰᠠᠨ ᠢᠶᠡᠷ᠂ ᠰᠢᠯᠢ ᠶᠢᠨ ᠭᠤᠤᠯ ᠤᠨ ᠳᠤᠮᠳᠠ ᠵᠡᠷᠭᠡᠯᠡᠯ ᠪᠠ ᠳᠤᠮᠳᠠ ᠡᠴᠡ ᠳᠡᠭᠡᠭ᠍ᠰᠢ ᠵᠡᠷᠭᠡᠯᠡᠯ ᠲᠠᠢ ᠭᠠᠩᠳᠠᠭᠰᠠᠨ ᠲᠠᠯᠠᠪᠠᠢ ᠨᠢ 9 ᠲᠦᠮᠡ ᠰᠢᠬᠠᠮ ᠺᠦᠧᠠᠳ᠋ ᠺᠢᠯᠦᠮᠧᠲ᠋ᠷ᠂ ᠠᠶᠢᠮᠠᠭ ᠳᠠᠶᠠᠭᠠᠷ ᠤᠨ ᠶᠡᠷᠦᠩᠬᠡᠢ ᠲᠠᠯᠠᠪᠠᠢ ᠶᠢᠨ 36 % ᠶᠢ ᠡᠵᠡᠯᠡᠨ᠎ᠠ; ᠬᠦᠯᠦᠨ ᠪᠤᠶᠢᠷ ᠤᠨ ᠳᠤᠮᠳᠠ ᠵᠡᠷᠭᠡᠯᠡᠯ ᠪᠠ ᠳᠤᠮᠳᠠ ᠡᠴᠡ ᠳᠡᠭᠡᠭ᠍ᠰᠢ ᠵᠡᠷᠭᠡᠯᠡᠯ ᠲᠠᠢ ᠭᠠᠩᠳᠠᠭᠰᠠᠨ ᠲᠠᠯᠠᠪᠠᠢ ᠨᠢ 6 ᠲᠦᠮᠡ ᠭᠠᠷᠤᠢ ᠺᠦᠧᠠᠳ᠋ ᠺᠢᠯᠦᠮᠧᠲ᠋ᠷ᠂ ᠬᠤᠲᠠ ᠳᠠᠶᠠᠭᠠᠷ ᠤᠨ ᠶᠡᠷᠦᠩᠬᠡᠢ ᠲᠠᠯᠠᠪᠠᠢ ᠶᠢᠨ 23 % ᠶᠢ ᠡᠵᠡᠯᠡᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121123259