蒙古文网站Logo
ᠰᠢᠨᠬᠤᠸᠠ ᠮᠤᠩᠭ᠋ᠤᠯ ᠨᠧᠲ

ᠦᠷᠦᠮᠴᠢ - ᠤᠭᠠᠯᠵᠠ- ᠬᠠᠨᠠᠰ - ᠦᠷᠦᠮᠴᠢ ᠶᠢᠨ ᠠᠶᠠᠯᠠᠯ ᠤᠨ ᠱᠤᠭᠤᠮ ᠨᠡᠪᠲᠡᠷᠡᠪᠡ

2017-06-19 10:52

    ᠰᠢᠨᠬᠤᠧᠠ ᠬᠤᠷᠢᠶ᠎ᠠ   ᠦᠷᠦᠮᠴᠢ ᠶᠢᠨ 6 ᠰᠠᠷ᠎ᠠ ᠶᠢᠨ 17 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠯᠢ ᠰᠢᠶᠤᠤ ᠯᠢᠩ ) ᠠᠶᠠᠯᠠᠨ ᠵᠢᠭᠤᠯᠴᠢᠯᠠᠭᠴᠢᠳ ᠤᠨ ᠬᠡᠷᠡᠭᠴᠡᠭᠡᠨ ᠳ᠋ᠤ ᠲᠤᠬᠢᠷᠠᠭᠤᠯᠵᠤ᠂ ᠠᠶᠠᠨ ᠤ ᠴᠠᠭ ᠢ ᠪᠤᠭᠤᠨᠢᠰᠬᠠᠬᠤ ᠪᠡᠷ ᠨᠠᠨ ᠹᠠᠩ ᠠᠭᠠᠷ ᠠᠶᠠᠯᠠᠯ ᠤᠨ ᠺᠤᠮᠫᠠᠨᠢ ᠡᠴᠡ ᠦᠷᠦᠮᠴᠢ - ᠤᠭᠠᠯᠵᠠ- ᠬᠠᠨᠠᠰ - ᠦᠷᠦᠮᠴᠢ ᠶᠢᠨ ᠠᠶᠠᠯᠠᠯ ᠤᠨ ᠱᠤᠭᠤᠮ ᠨᠡᠪᠲᠡᠷᠡᠬᠦᠯᠪᠡ᠃

    ᠰᠤᠷᠪᠤᠯᠵᠢᠯᠠᠭᠴᠢ ᠠᠯᠲᠠᠢ ᠵᠠᠬᠢᠷᠭᠠᠨ ᠡᠴᠡ ᠤᠶᠢᠯᠠᠭᠠᠭᠰᠠᠨ ᠢᠶᠡᠷ᠂ ᠡᠨᠡᠬᠦ ᠠᠶᠠᠯᠠᠯ ᠤᠨ ᠱᠤᠭᠤᠮ ᠢ ᠪᠧᠦ᠋᠋ᠶ᠊ᠢᠩ 737 ᠨᠢᠰᠬᠦ ᠤᠩᠭᠤᠴᠠ ᠪᠡᠷ ᠭᠦᠢᠴᠡᠳᠭᠡᠵᠦ᠂ ᠰᠠᠭᠤᠲᠠᠯ ᠤᠨ ᠲᠤᠭ᠎ᠠ 230᠂ 5 ᠴᠠᠭ ᠤᠨ ᠲᠤᠲᠤᠷ᠎ᠠ 5 ᠭᠠᠵᠠᠷ ᠢᠶᠡᠷ ᠲᠤᠭᠤᠷᠢᠨ ᠨᠢᠰᠬᠦ ᠶᠢ ᠪᠡᠶᠡᠯᠡᠬᠦᠯᠦᠨ᠎ᠡ᠃

    ᠲᠤᠰ ᠠᠭᠠᠷ ᠠᠶᠠᠯᠠᠯ ᠤᠨ ᠱᠤᠭᠤᠮ ᠤᠨ ᠨᠡᠪᠲᠡᠷᠡᠭᠰᠡᠨ ᠨᠢ ᠢᠯᠢ ᠶᠢᠨ ᠬᠠᠰᠠᠭ ᠦᠪᠡᠷᠲᠡᠭᠡᠨ ᠵᠠᠰᠠᠬᠤ ᠵᠧᠦ ᠶᠢᠨ ᠦᠵᠡᠮᠵᠢ ᠶᠢᠨ ᠪᠦᠰᠡ ᠪᠤᠯᠤᠨ ᠬᠠᠨᠠᠰ᠂ ᠬᠦᠬᠡᠲᠤᠬᠤᠢ ᠶᠢᠨ ᠦᠵᠡᠮᠵᠢ ᠶᠢᠨ ᠪᠦᠰᠡ ᠪᠡᠷ ᠭᠤᠤᠯᠯᠠᠭᠰᠠᠨ 《ᠮᠢᠩᠭᠠᠨ ᠭᠠᠵᠠᠷ ᠤᠨ ᠵᠢᠭᠤᠯᠴᠢᠯᠠᠯ ᠤᠨ ᠵᠢᠷᠤᠭ ᠤᠨ ᠬᠤᠩᠬᠢᠯ》 ᠢ ᠬᠤᠯᠪᠤᠵᠤ᠂ 《ᠠᠷᠤ ᠭᠠᠵᠠᠷ ᠤᠨ ᠵᠢᠶᠠᠩᠨᠠᠨ》ᠢᠯᠢ ᠭᠤᠤᠯ ᠤᠨ ᠬᠦᠨᠲᠡᠢ ᠪᠤᠯᠤᠨ ᠵᠦᠩᠭᠠᠷ ᠤᠨ ᠬᠤᠲᠤᠭᠤᠷ ᠢ ᠴᠠᠭᠠᠷᠢᠯᠠᠭᠰᠠᠨ ᠤᠯᠤᠰ ᠤᠨ ᠵᠡᠷᠭᠡᠯᠡᠯ ᠤᠨ ᠰᠤᠲᠤᠨ ᠵᠢᠭᠤᠯᠴᠢᠯᠠᠯ ᠤᠨ ᠱᠤᠭᠤᠮ ᠢᠶᠡᠷ ᠠᠶᠠᠯᠠᠨ ᠵᠤᠷᠴᠢᠬᠤ  ᠶᠢ ᠪᠡᠶᠡᠯᠡᠭᠦᠯᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121168349