蒙古文网站Logo
ᠰᠢᠨᠬᠤᠸᠠ ᠮᠤᠩᠭ᠋ᠤᠯ ᠨᠧᠲ

ᠯᠢᠶᠤᠤᠨᠢᠩ᠄ ᠭᠠᠩ ᠤᠨ ᠪᠠᠶᠢᠲᠠᠯ ᠳ᠋ᠤ ᠴᠢᠭᠯᠡᠬᠦᠯᠦᠨ ᠡᠷᠳᠡᠨᠢ ᠰᠢᠰᠢ ᠶᠢᠨ ᠴᠢᠬᠢ ᠶᠢᠨ ᠬᠤᠭᠤᠴᠠᠭᠠᠨ ᠳ᠋ᠤ ᠬᠠᠮᠢᠶᠠᠷᠤᠯᠲᠠ ᠬᠢᠬᠦ ᠮᠡᠷᠭᠡᠵᠢᠯ ᠤᠨ ᠰᠠᠨᠠᠯ ᠲᠤᠷᠠᠳᠪᠠ

2017-06-19 10:54

    ᠰᠢᠨᠬᠤᠧᠠ ᠬᠤᠷᠢᠶ᠎ᠠ   ᠮᠦᠭᠲᠡᠨ ᠤ 6 ᠰᠠᠷ᠎ᠠ ᠶᠢᠨ 17 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠽᠧᠦ ᠮᠢᠩ ᠵᠦᠩ ) ᠰᠡᠬᠦᠯ ᠤᠨ ᠦᠶ᠎ᠠ ᠳ᠋ᠤ ᠯᠢᠶᠤᠤᠨᠢᠩ ᠳ᠋ᠦ ᠦᠨᠳᠦᠷ ᠬᠠᠯᠠᠭᠤᠨ ᠠᠭᠤᠷ ᠠᠮᠢᠰᠬᠤᠯ ᠢᠯᠡᠷᠡᠭᠰᠡᠨ ᠢᠶᠡᠷ᠂ ᠪᠠᠷᠠᠭᠤᠨ ᠪᠦᠰᠡ ᠶᠢᠨ ᠭᠠᠩ ᠤᠨ ᠪᠠᠶᠢᠲᠠᠯ ᠬᠡᠴᠡᠭᠦᠲᠡᠨ᠂ ᠡᠷᠳᠡᠨᠢ ᠰᠢᠰᠢ ᠵᠡᠷᠭᠡ ᠲᠠᠷᠢᠮᠠᠯ ᠤᠨ ᠲᠠᠷᠢᠬᠤ ᠬᠤᠭᠤᠴᠠᠭ᠎ᠠ ᠬᠤᠶᠢᠰᠢᠯᠠᠪᠡ᠂ ᠤᠲᠤᠬᠠᠨ ᠳ᠋ᠤ ᠪᠦᠬᠦ ᠮᠤᠵᠢ ᠶᠢᠨ 200 ᠭᠠᠷᠤᠢ ᠲᠦᠮᠡᠨ ᠮᠦ ᠡᠷᠳᠡᠨᠢ ᠰᠢᠰᠢ ᠲᠠᠷᠢᠵᠤ ᠲᠡᠶᠢᠯᠦᠭᠡ ᠦᠭᠡᠢ᠂ ᠲᠠᠷᠢᠭᠰᠠᠨ ᠡᠷᠳᠡᠨᠢ ᠰᠢᠰᠢ ᠶᠢᠨ ᠤᠷᠭᠤᠯᠲᠠ ᠶᠢᠨ ᠬᠡᠮᠵᠢᠶ᠎ᠠ ᠢᠯᠡᠷᠬᠡᠢ ᠪᠢᠰᠢ᠂ ᠡᠷᠳᠡᠨᠢ ᠰᠢᠰᠢ ᠶᠢᠨ ᠴᠢᠬᠢ ᠶᠢᠨ ᠪᠦᠬᠦᠶᠢᠯᠡ ᠪᠠᠶᠢᠲᠠᠯ ᠦᠩᠭᠡᠷᠡᠭᠰᠡᠨ ᠵᠢᠯ ᠤᠨ ᠬᠢ ᠶᠢ ᠬᠦᠷᠬᠦ ᠦᠭᠡᠢ᠃ ᠡᠭᠦᠨ ᠳ᠋ᠤ ᠴᠢᠭᠯᠡᠬᠦᠯᠦᠨ᠂ ᠯᠢᠶᠤᠤᠨᠢᠩ ᠮᠤᠵᠢ ᠶᠢᠨ ᠲᠠᠷᠢᠶᠠᠯᠠᠩ ᠤᠨ ᠮᠡᠷᠭᠡᠵᠢᠯ ᠲᠦᠭᠡᠮᠡᠯᠵᠢᠬᠦᠯᠬᠦ ᠶᠡᠷᠦᠩᠬᠡᠢ ᠦᠷᠲᠡᠭᠡᠨ ᠤ ᠬᠢᠨ ᠡᠷᠳᠡᠨᠢ ᠰᠢᠰᠢ ᠶᠢᠨ ᠴᠢᠬᠢ ᠶᠢᠨ ᠬᠤᠭᠤᠴᠠᠭᠠᠨ ᠳ᠋ᠤ ᠬᠠᠮᠢᠶᠠᠷᠤᠯᠲᠠ ᠬᠢᠬᠦ ᠮᠡᠷᠭᠡᠵᠢᠯ ᠤᠨ ᠰᠠᠨᠠᠯ ᠲᠤᠷᠠᠳᠪᠠ᠃

    ᠭᠠᠩ ᠤᠨ ᠲᠠᠷᠠᠭ᠎ᠠ ᠲᠠᠷᠢᠭᠰᠠᠨ ᠡᠷᠳᠡᠨᠢ ᠰᠢᠰᠢ ᠶᠢᠨ ᠴᠢᠬᠢ ᠶᠢᠨ ᠤᠷᠭᠤᠯᠲᠠ ᠶᠢᠨ ᠪᠠᠶᠢᠲᠠᠯ ᠢ ᠰᠠᠶᠢᠲᠦᠷ ᠠᠵᠢᠭᠯᠠᠬᠤ ᠬᠡᠷᠡᠭᠲᠡᠢ ; ᠴᠢᠬᠢ ᠨᠡᠯᠢᠶᠡᠳ ᠲᠤᠲᠠᠭᠰᠠᠨ ᠭᠠᠵᠠᠷ ᠭᠠᠩ ᠳ᠋ᠤ ᠲᠡᠰᠪᠦᠷᠢᠲᠡᠢ ᠲᠠᠷᠢᠮᠠᠯ ᠢ ᠲᠠᠷᠢᠪᠠᠯ ᠵᠤᠬᠢᠰᠲᠠᠢ ; ᠴᠢᠬᠢ ᠲᠤᠲᠠᠭᠰᠠᠨ ᠭᠠᠵᠠᠷ ᠨᠦᠬᠦᠨ ᠲᠠᠷᠢᠬᠤ ᠪᠤᠯᠤᠨ ᠴᠢᠬᠢ ᠰᠠᠭᠤᠯᠭᠠᠬᠤ ᠵᠡᠷᠭᠡ ᠠᠷᠭ᠎ᠠ ᠬᠡᠮᠵᠢᠶ᠎ᠠ ᠠᠪᠤᠪᠠᠯ ᠵᠤᠬᠢᠨ᠎ᠠ᠃ ᠬᠠᠮᠢᠶ᠎ᠠ ᠲᠠᠢ ᠰᠠᠯᠠᠭ᠎ᠠ ᠮᠦᠴᠢᠷ ᠤᠨ ᠬᠢᠨ ᠭᠠᠩ ᠡᠴᠡ ᠪᠤᠯᠤᠭᠰᠠᠨ ᠴᠠᠷᠴᠠᠬᠠᠢ ᠶᠢᠨ ᠭᠠᠮᠰᠢᠭ ᠢ ᠰᠡᠷᠭᠡᠶᠢᠯᠡᠵᠦ᠂ ᠡᠷᠳᠡᠨᠢ ᠰᠢᠰᠢ ᠶᠢᠨ ᠤᠷᠭᠤᠯᠲᠠ ᠶᠢᠨ ᠬᠤᠭᠤᠴᠠᠭ᠎ᠠ ᠶᠢ ᠪᠠᠲᠤᠯᠠᠬᠤ ᠬᠡᠷᠡᠭᠲᠡᠢ ᠭᠡᠵᠡᠢ᠃

    ᠰᠠᠨᠠᠯ ᠳ᠋ᠤ ᠮᠦᠨ᠂ ᠡᠷᠳᠡᠨᠢ ᠰᠢᠰᠢ ᠶᠢᠨ ᠴᠢᠬᠢᠨ ᠤ ᠤᠷᠭᠤᠯᠲᠠ ᠶᠢᠨ ᠪᠠᠶᠢᠲᠠᠯ ᠢ ᠦᠨᠳᠦᠰᠦᠯᠡᠨ᠂ ᠪᠤᠷᠲᠤᠭᠤᠷ ᠬᠢᠬᠦ ᠵᠡᠷᠭᠡ ᠪᠡᠷ ᠤᠷᠭᠤᠯᠲᠠ ᠶᠢ ᠪᠠᠲᠤᠯᠠᠨ᠂ ᠲᠠᠷᠢᠮᠠᠯ ᠤᠨ ᠲᠠᠷᠬᠠᠯᠠᠭ᠎ᠠ ᠶᠢ ᠰᠠᠶᠢᠵᠢᠷᠠᠭᠤᠯᠬᠤ ᠶᠢ ᠰᠠᠨᠠᠭᠤᠯᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121168394