ᠰᠤᠩᠭᠠᠷᠢ ᠮᠦᠷᠡᠨ ᠤ ᠬᠦᠪᠡᠭᠡᠨ ᠡᠴᠡ ᠬᠠᠩᠭᠢᠨᠠᠭᠰᠠᠨ ᠮᠤᠩᠭᠤᠯ ᠠᠶᠠᠯᠭᠤ 2017-06-28 16:44

    ᠰᠢᠨᠬᠤᠧᠠ ᠮᠤᠩᠭᠤᠯ ᠨᠧᠲ   ᠬᠦᠬᠡᠬᠤᠲᠠ ᠶᠢᠨ 6 ᠰᠠᠷ᠎ᠠ ᠶᠢᠨ 27 ᠤ ᠡᠲᠦᠷ ᠤᠨ ᠴᠠᠬᠢᠯᠭᠠᠨ ᠮᠡᠲᠡᠭᠡ ( ᠬ • ᠦᠵᠡᠰᠭᠦᠯᠡᠩ ) 《ᠡᠮᠦᠨᠡᠲᠦ ᠭᠤᠷᠯᠤᠰ ᠤᠨ ᠷᠠᠳᠢᠣ᠋ ᠬᠤᠷᠢᠶᠠᠨ ᠡᠴᠡ ᠶᠠᠷᠢᠵᠤ ᠪᠠᠶᠢᠨ᠎ᠠ》 ᠭᠡᠰᠡᠨ ᠢᠷᠠᠭᠤ ᠡᠬᠡᠰᠢᠭᠯᠡᠭ ᠮᠤᠩᠭᠤᠯ ᠬᠡᠯᠡ᠂  ᠭᠤᠷᠯᠤᠰ ᠨᠤᠲᠤᠭ ᠤᠨ ᠦᠷᠦᠴᠡᠨ ᠡᠴᠡ ᠬᠠᠩᠭᠢᠨᠠᠭᠰᠠᠨ ᠡᠮᠤᠨᠡᠲᠦ ᠭᠤᠷᠯᠤᠰ ᠤᠨ ᠮᠤᠩᠭᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠤ ᠷᠠᠳᠢᠣ᠋ ᠲᠧᠯᠧᠢᠰ ᠬᠤᠷᠢᠶᠠᠨ ᠤ ᠮᠤᠩᠭᠤᠯ ᠬᠡᠯᠡᠨ ᠤ ᠨᠡᠪᠲᠡᠷᠡᠬᠦᠯᠭᠡ ᠨᠢ ᠤᠯᠠᠨ ᠲᠦᠮᠡᠨ ᠤ ᠪᠠᠨ ᠰᠤᠨᠤᠷ ᠢ ᠪᠠᠶᠠᠰᠬᠠᠵᠤ᠂ ᠬᠠᠷᠠᠭ᠎ᠠ ᠶᠢ ᠨᠢ ᠲᠡᠯᠡᠨ᠂ ᠰᠤᠶᠤᠯ ᠤᠨ ᠠᠮᠢᠲᠤᠷᠠᠯ ᠢ ᠨᠢ ᠪᠠᠶᠠᠯᠢᠭᠵᠢᠭᠤᠯᠤᠭᠰᠠᠭᠠᠷ ᠢᠷᠡᠵᠡᠢ᠃

    1956 ᠤᠨ ᠳ᠋ᠤ ᠡᠮᠦᠨᠡᠲᠦ ᠭᠤᠷᠯᠤᠰ ᠤᠨ ᠷᠠᠳᠢᠣ᠋ ᠦᠷᠲᠡᠭᠡ ᠬᠠᠮᠤᠭ ᠤᠨ ᠠᠩᠬᠠᠨ ᠤ ᠮᠤᠩᠭᠤᠯ ᠬᠡᠯᠡᠨ ᠤ ᠨᠡᠪᠲᠡᠷᠡᠬᠦᠯᠭᠡ ᠪᠠᠨ ᠡᠬᠢᠯᠡᠬᠦᠯᠵᠦ᠂ 1984 ᠤᠨ ᠤ 10 ᠰᠠᠷ᠎ᠠ ᠶᠢᠨ 16 ᠤ ᠡᠲᠦᠷ ᠡᠮᠦᠨᠡᠲᠦ ᠭᠤᠷᠯᠤᠰ ᠤᠨ ᠷᠠᠳᠢᠣ᠋ ᠬᠤᠷᠢᠶ᠎ᠠ ᠵᠢᠩᠭᠢᠨᠢ ᠪᠡᠷ ᠪᠠᠶᠢᠭᠤᠯᠤᠭᠲᠠᠬᠰᠠᠨ ᠡᠴᠡ ᠤᠲᠤ ᠪᠤᠯᠲᠠᠯ᠎ᠠ ᠮᠤᠩᠭᠤᠯ ᠬᠢᠲᠠᠳ ᠬᠡᠯᠡᠨ ᠤ ᠨᠡᠪᠲᠡᠷᠡᠬᠦᠯᠭᠡ ᠨᠢ ᠨᠢᠭᠡ ᠯᠡ ᠰᠡᠯᠬᠦᠭᠡ ᠲᠠᠪᠲᠠᠮᠵᠢ ᠪᠡᠷ ᠶᠠᠪᠤᠭᠳᠠᠭᠰᠠᠭᠠᠷ ᠪᠠᠶᠢᠨ᠎ᠠ᠃ ᠤᠶᠢᠯᠠᠭᠠᠭᠰᠠᠨ ᠢᠶᠡᠷ᠂ ᠮᠤᠩᠭᠤᠯ ᠬᠡᠯᠡᠨ ᠤ ᠷᠠᠳᠢᠣ᠋ ᠨᠢ 10 ᠮᠢᠨᠦ᠋ᠲ ᠤᠨ《ᠡᠮᠦᠨᠡᠲᠦ ᠭᠤᠷᠯᠤᠰ ᠤᠨ ᠮᠤᠩᠭᠤᠯ ᠬᠡᠯᠡᠨ ᠤ ᠰᠤᠨᠢᠨ ᠮᠡᠲᠡᠭᠡ》᠂ 20 ᠮᠢᠨᠦ᠋ᠲ ᠤᠨ 《ᠰᠤᠯᠤᠩᠭ᠎ᠠ ᠤᠷᠠᠯᠢᠭ》᠂ 10 ᠮᠢᠨᠦ᠋ᠲ ᠤᠨ《ᠵᠡᠬᠦᠨ ᠬᠤᠶᠢᠲᠤ ᠶᠢᠨ ᠭᠤᠷᠪᠠᠨ ᠮᠤᠵᠢ ᠪᠤᠯᠤᠨ ᠦᠪᠦᠷ ᠮᠤᠩᠭᠤᠯ ᠤᠨ ᠵᠡᠬᠦᠨ ᠬᠡᠰᠡᠭ ᠤᠨ ᠠᠶᠢᠮᠠᠭ ᠬᠤᠲᠠ ᠶᠢᠨ ᠮᠤᠩᠭᠤᠯ ᠷᠠᠳᠢᠣ᠋ ᠡᠴᠡ ᠢᠷᠡᠬᠦᠯᠦᠭᠰᠡᠨ ᠮᠡᠲᠡᠭᠡ》ᠵᠡᠷᠭᠡ ᠮᠡᠲᠡᠭᠡ ᠮᠡᠲᠡᠭᠡᠯᠡᠯ᠂ ᠶᠡᠷᠦᠩᠬᠡᠶᠢᠯᠡᠭᠰᠡᠨ ᠰᠤᠶᠤᠯ ᠤᠷᠠᠯᠢᠭ ᠤᠨ ᠨᠡᠪᠲᠡᠷᠡᠬᠦᠯᠭᠡ ᠡᠷᠬᠢᠯᠡᠵᠦ ᠪᠠᠶᠢᠨ᠎ᠠ᠃

    1985 ᠤᠨ ᠤ 12 ᠰᠠᠷ᠎ᠠ ᠶᠢᠨ 1 ᠤ ᠡᠲᠦᠷ᠂ ᠡᠮᠦᠨᠡᠲᠦ ᠭᠤᠷᠯᠤᠰ ᠤᠨ ᠮᠤᠩᠭᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠤ ᠲᠧᠯᠧᠢᠰ ᠬᠤᠷᠢᠶ᠎ᠠ ᠮᠤᠩᠭᠤᠯ ᠬᠢᠲᠠᠳ ᠬᠡᠯᠡᠨ ᠤ ᠨᠡᠪᠲᠡᠷᠡᠬᠦᠯᠭᠡ ᠪᠠᠨ ᠡᠬᠢᠯᠡᠬᠦᠯᠦᠭᠰᠡᠨ ᠶᠤᠮ᠂ ᠲᠤᠬᠠᠢ ᠶᠢᠨ ᠦᠶ᠎ᠠ ᠳ᠋ᠤ ᠮᠤᠩᠭᠤᠯ ᠬᠢᠲᠠᠳ ᠬᠡᠯᠡᠨ ᠤ《ᠡᠮᠦᠨᠡᠲᠦ ᠭᠤᠷᠯᠤᠰ ᠤᠨ ᠮᠤᠩᠭᠤᠯ ᠬᠡᠯᠡᠨ ᠤ ᠰᠤᠨᠢᠨ ᠮᠡᠲᠡᠭᠡ ᠶᠢᠨ ᠲᠤᠪᠴᠢᠯᠠᠯ》᠂《ᠡᠮᠦᠨᠡᠲᠦ ᠭᠤᠷᠯᠤᠰ ᠤᠨ ᠰᠤᠨᠢᠨ ᠮᠡᠲᠡᠭᠡ》 ᠶᠢ ᠡᠲᠦᠷ ᠪᠦᠷᠢ 15 ᠮᠢᠨᠦ᠋ᠲ  ᠢᠶᠡᠷ ᠨᠡᠪᠲᠡᠷᠡᠬᠦᠯᠵᠦ ᠪᠠᠶᠢᠵᠠᠢ᠃ ᠤᠲᠤ ᠪᠤᠯᠬᠤ ᠳ᠋ᠤ ᠤᠤᠯ ᠤᠨ ᠡᠷᠬᠢᠯᠡᠵᠦ ᠪᠠᠶᠢᠭᠰᠠᠨ ᠨᠡᠪᠲᠡᠷᠡᠬᠦᠯᠭᠡ ᠶᠢᠨ ᠢᠶᠡᠨ ᠰᠠᠭᠤᠷᠢᠨ ᠲᠡᠭᠡᠷ᠎ᠡ《ᠡᠮᠦᠨᠡᠲᠦ ᠭᠤᠷᠯᠤᠰ ᠤᠨ ᠮᠤᠩᠭᠤᠯ ᠬᠡᠯᠡᠨ ᠤ ᠰᠤᠨᠢᠨ ᠮᠡᠲᠡᠭᠡ》 ᠪᠠ ᠮᠤᠩᠭᠤᠯ ᠬᠡᠯᠨ ᠪᠡᠷ ᠵᠤᠬᠢᠶᠠᠨ ᠪᠦᠲᠦᠭᠡᠭ᠍ᠰᠡᠨ ᠨᠡᠶᠢᠬᠡᠮ ᠤᠨ ᠬᠦᠮᠦᠵᠢᠯ ᠤᠨ ᠲᠤᠰᠬᠠᠢ ᠫᠷᠤᠭ᠍ᠷᠠᠮ 《ᠲᠠᠯ᠎ᠠ ᠶᠢᠨ ᠠᠶᠠᠯᠠᠯ》᠂ ᠬᠡᠦᠬᠡᠳ ᠪᠠᠭᠠᠴᠤᠳ ᠲᠤ ᠵᠤᠷᠢᠭᠤᠯᠤᠭᠰᠠᠨ《ᠤᠨᠠᠭᠠᠨ ᠲᠡᠭᠦᠯᠢᠭᠡᠨ》ᠲᠤᠰᠬᠠᠢ ᠫᠷᠤᠭ᠍ᠷᠠᠮ ᠡᠷᠬᠢᠯᠡᠵᠦ ᠪᠠᠶᠢᠨ᠎ᠠ ᠃

    ᠡᠮᠤᠨᠡᠲᠦ ᠭᠤᠷᠯᠤᠰ ᠤᠨ ᠮᠤᠩᠭᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠤ ᠷᠠᠳᠢᠣ᠋ ᠲᠧᠯᠧᠢᠰ ᠬᠤᠷᠢᠶᠠᠨ ᠤ ᠮᠤᠩᠭᠤᠯ ᠨᠠᠶᠢᠷᠠᠭᠤᠯᠬᠤ ᠬᠡᠯᠲᠡᠰ ᠤᠨ ᠡᠷᠬᠢᠯᠡᠭᠴᠢ ᠬᠠᠰᠤᠨ᠄ 《ᠠᠩᠬ᠎ᠠ ᠠᠵᠢᠯ ᠳ᠋ᠤ ᠢᠷᠡᠬᠦ ᠶᠢᠨ ᠦᠶ᠎ᠠ ᠳ᠋ᠤ ᠬᠤᠶᠠᠷᠬᠠᠨ ᠨᠠᠶᠢᠷᠠᠭᠤᠯᠤᠭᠴᠢ ᠷᠠᠳᠢᠣ᠋ ᠲᠧᠯᠧᠢᠰ ᠤᠨ ᠨᠡᠪᠲᠡᠷᠡᠬᠦᠯᠭᠡ ᠶᠢ ᠪᠡᠯᠡᠳᠭᠡᠲᠡᠭ ᠪᠠᠶᠢᠭᠰᠠᠨ ᠪᠤᠯᠬᠤᠷ ᠠᠵᠢᠯ ᠤᠨ ᠲᠠᠷᠤᠭᠠᠰᠤ ᠬᠦᠨᠳᠦ ᠪᠠᠶᠢᠵᠠᠢ᠃ ᠤᠲᠤ ᠪᠤᠯᠬᠤ ᠳ᠋ᠤ ᠮᠠᠨ ᠤ ᠨᠠᠶᠢᠷᠠᠭᠤᠯᠬᠤ ᠬᠡᠯᠲᠡᠰ ᠲᠤᠯᠤᠭᠠᠨ ᠠᠵᠢᠯᠲᠠᠨ ᠲᠠᠢ ᠪᠤᠯᠵᠤ᠂ ᠮᠡᠲᠡᠭᠡ ᠮᠡᠲᠡᠭᠡᠯᠡᠯ᠂ ᠰᠤᠷᠭᠠᠨ ᠬᠦᠮᠦᠵᠢᠯ᠂ ᠰᠤᠶᠤᠯ ᠤᠷᠠᠯᠢᠭ᠂ ᠨᠡᠶᠢᠭᠡᠮ ᠤᠨ ᠬᠦᠮᠦᠵᠢᠯ ᠢ ᠬᠠᠮᠤᠷᠤᠭᠰᠠᠨ ᠦᠪᠡᠷᠲᠡᠭᠡᠨ ᠵᠤᠬᠢᠶᠠᠨ ᠪᠦᠲᠦᠭᠡᠭ᠍ᠰᠡᠨ ᠫᠷᠤᠭ᠍ᠷᠠᠮ ᠮᠠᠨᠢ ᠭᠤᠷᠯᠤᠰ ᠤᠨ ᠡᠳ᠋ ᠤᠨ ᠵᠠᠰᠠᠭ᠂ ᠨᠡᠶᠢᠭᠡᠮ᠂ ᠰᠤᠶᠤᠯ ᠰᠤᠷᠭᠠᠨ ᠬᠦᠮᠦᠵᠢᠯ ᠤᠨ ᠬᠦᠭ᠍ᠵᠢᠯᠲᠠ ᠬᠤᠪᠢᠷᠠᠯᠲᠠ ᠶᠢ ᠵᠢᠷᠤᠭᠯᠠᠨ ᠲᠡᠮᠲᠡᠭᠯᠡᠭᠰᠡᠭᠡᠷ ᠪᠠᠶᠢᠨ᠎ᠠ》ᠭᠡᠪᠡ᠃

    ᠨᠠᠮ ᠤᠨ ᠦᠨᠳᠦᠰᠦᠲᠡᠨ ᠤ ᠲᠤᠬᠠᠢ ᠲᠦᠷᠦ ᠶᠢᠨ ᠪᠤᠲᠤᠯᠭ᠎ᠠ ᠶᠢᠨ ᠲᠤᠶᠠᠭᠠᠯᠠᠯ ᠲᠤᠤᠷ᠎ᠠ᠂ ᠡᠮᠦᠨᠡᠲᠦ ᠭᠤᠷᠯᠤᠰ ᠤᠨ ᠮᠤᠩᠭᠤᠯ ᠬᠡᠯᠡᠨ ᠤ ᠷᠠᠳᠢᠣ᠋ ᠲᠧᠯᠧᠢᠰ ᠤᠨ ᠨᠡᠪᠲᠡᠷᠡᠬᠦᠯᠭᠡ ᠨᠢ ᠦᠭᠡᠢ ᠡᠴᠡ ᠪᠠᠶᠢᠬᠤ ᠪᠤᠯᠵᠤ᠂ ᠪᠠᠶᠢᠬᠤ ᠶᠢᠨ ᠤᠯᠠᠮ ᠡᠴᠡ ᠠᠭᠤᠯᠭ᠎ᠠ ᠬᠡᠯᠪᠡᠷᠢ ᠨᠢ ᠪᠠᠶᠠᠯᠢᠭᠵᠢᠭᠰᠠᠨ ᠢᠶᠡᠷ᠂ 《ᠬᠢᠯᠭᠠᠰᠤᠨ ᠴᠢᠪᠬᠠᠲᠠᠰᠤᠨ ᠲᠡᠭᠡᠷ᠎ᠡ ᠤᠶᠠᠩᠭᠠᠷᠠᠭᠰᠠᠨ ᠬᠡᠦᠬᠡᠳ ᠤᠨ ᠬᠤᠷᠤ᠎ᠠ 》᠂ 《ᠤᠯᠠᠭᠠᠨ ᠪᠤᠷᠴᠠᠭ ᠤᠨ ᠬᠠᠯᠠᠭᠤᠷᠠᠯ ᠤᠨ ᠲᠤᠬᠠᠢ》᠂ 《ᠭᠤᠷᠯᠤᠰ ᠨᠤᠲᠤᠭ ᠤᠨ ᠬᠠᠯᠠᠭᠤᠨ ᠮᠡᠨᠳᠦᠴᠢᠯᠡᠭᠡ》᠂ 《ᠰᠢᠨ᠎ᠡ ᠡᠷᠢᠨ ᠤ ᠦᠯᠢᠭᠡᠷᠴᠢᠨ - ᠴᠤᠯᠮᠤᠨ 》ᠵᠡᠷᠭᠡ ᠤᠯᠠᠨ ᠪᠦᠲᠦᠭᠡᠯ ᠨᠢ ᠮᠤᠵᠢ ᠪᠠ ᠤᠯᠤᠰ ᠤᠨ ᠰᠤᠨᠢᠨ ᠮᠡᠲᠡᠭᠡ᠂ ᠲᠤᠰᠬᠠᠢ ᠫᠷᠤᠭ᠍ᠷᠠᠮ ᠤᠨ ᠰᠢᠯᠭᠠᠷᠠᠭᠤᠯᠤᠯᠲᠠ ᠳ᠋ᠤ ᠤᠯᠠᠨ ᠤᠲᠠᠭ᠎ᠠ ᠬᠦᠬᠢᠬᠦᠯᠦᠭᠲᠡᠵᠦ ᠦᠩᠭᠡᠷᠡᠵᠡᠢ᠃

    ᠬᠡᠪᠯᠡᠯ ᠮᠡᠲᠡᠭᠡᠯᠡᠯ ᠤᠨ ᠠᠭᠤᠰᠤᠯᠴᠠᠨ ᠬᠦᠭ᠍ᠵᠢᠵᠦ ᠪᠠᠶᠢᠭ᠎ᠠ ᠡᠨᠡ ᠡᠷᠢᠨ ᠳ᠋ᠤ ᠡᠮᠦᠨᠡᠲᠦ ᠭᠤᠷᠯᠤᠰ ᠤᠨ ᠮᠤᠩᠭᠤᠯ ᠬᠡᠯᠡᠨ ᠤ ᠷᠠᠳᠢᠣ᠋ ᠲᠧᠯᠧᠢᠰ ᠤᠨ ᠨᠡᠪᠲᠡᠷᠡᠬᠦᠯᠭᠡ ᠨᠢ ᠦᠵᠡᠭᠴᠢᠳ ᠤᠨ ᠬᠦᠰᠡᠯ ᠱᠠᠭᠠᠷᠲᠠᠯᠭ᠎ᠠ ᠶᠢ ᠤᠯᠠᠮ ᠰᠠᠶᠢᠨ ᠬᠠᠩᠭᠠᠬᠤ ᠪᠡᠷ《ᠡᠮᠦᠨᠡᠲᠦ ᠭᠤᠷᠯᠤᠰ ᠤᠨ ᠷᠠᠳᠢᠣ᠋ ᠲᠧᠯᠧᠢᠰ 》ᠠᠯᠪᠠᠨ ᠸᠢᠴᠠᠲ ᠢ ᠡᠬᠢᠯᠡᠨ ᠠᠵᠢᠯᠯᠠᠭᠤᠯᠵᠤ᠂ ᠭᠠᠷᠠᠭ ᠪᠦᠷᠢ ᠶᠢᠨ ᠲᠧᠯᠧᠢᠰ ᠤᠨ ᠨᠡᠪᠲᠡᠷᠡᠬᠦᠯᠭᠡ ᠪᠠᠨ ᠸᠢᠴᠠᠲ ᠢᠶᠡᠷ ᠰᠠᠴᠤᠬᠤ ᠶᠢᠨ ᠬᠠᠮᠲᠤ ᠬᠦᠲᠦᠯᠦᠭᠴᠢ ᠨᠡᠪᠲᠡᠷᠡᠬᠦᠯᠦᠭᠴᠢᠳ ᠨᠢ ᠰᠤᠩᠭᠤᠲᠠᠭ ᠤᠷᠠᠨ ᠪᠦᠲᠦᠭᠡᠯ ᠢ ᠪᠢᠴᠢᠯᠭᠡ ᠪᠤᠯᠭᠠᠨ ᠨᠡᠪᠲᠡᠷᠡᠬᠦᠯᠵᠦ ᠪᠠᠶᠢᠨ᠎ᠠ᠃

    ᠡᠮᠤᠨᠡᠲᠦ ᠭᠤᠷᠯᠤᠰ ᠤᠨ ᠮᠤᠩᠭᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠤ ᠷᠠᠳᠢᠣ᠋ ᠲᠧᠯᠧᠢᠰ ᠬᠤᠷᠢᠶᠠᠨ ᠤ ᠮᠤᠩᠭᠤᠯ ᠬᠡᠯᠡᠨ ᠤ ᠨᠡᠪᠲᠡᠷᠡᠬᠦᠯᠭᠡ ᠨᠢ ᠡᠮᠦᠨᠡᠲᠦ ᠭᠤᠷᠯᠤᠰ ᠤᠨ ᠮᠤᠩᠭᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠤ ᠬᠦᠴᠦᠲᠡᠢ ᠲᠡᠮᠵᠢᠯᠭᠡ ᠲᠤᠤᠷ᠎ᠠ᠂ ᠦᠶ᠎ᠠ ᠦᠶ᠎ᠠ ᠶᠢᠨ ᠰᠡᠳᠬᠦᠯᠴᠢᠳ ᠤᠨ ᠤᠶᠢᠭ᠎ᠠ ᠦᠭᠡᠢ ᠬᠦᠴᠦᠨ ᠴᠢᠷᠮᠠᠶᠢᠯᠭ᠎ᠠ ᠪᠡᠷ ᠨᠠᠮ ᠲᠦᠷᠦ ᠶᠢᠨ ᠪᠤᠲᠤᠯᠭ᠎ᠠ᠂ ᠱᠤᠭᠤᠮ᠂ ᠴᠢᠭᠯᠡᠯᠲᠡ ᠶᠢ ᠤᠯᠠᠨ ᠲᠦᠮᠡᠨ ᠳ᠋ᠤ ᠤᠬᠠᠭᠤᠯᠤᠨ᠂ ᠭᠤᠷᠯᠤᠰ ᠨᠤᠲᠤᠭ ᠲᠤ ᠪᠤᠯᠵᠤ ᠪᠦᠬᠦᠢ ᠦᠢᠯᠡ ᠶᠠᠪᠤᠲᠠᠯ ᠢ ᠴᠠᠭ ᠲᠤᠬᠠᠢ ᠳ᠋ᠤᠨᠢ ᠤᠯᠠᠮᠵᠢᠯᠠᠵᠤ᠂ ᠮᠤᠩᠭᠤᠯᠴᠤᠳ ᠤᠨ ᠶᠢᠡᠨ ᠰᠤᠶᠤᠯ ᠤᠨ ᠠᠮᠢᠲᠤᠷᠠᠯ ᠳ᠋ᠤ ᠬᠦᠴᠦᠨ ᠪᠦᠬᠦᠢ ᠬᠤᠪᠢ ᠨᠡᠮᠡᠷᠢ ᠦᠵᠡᠬᠦᠯᠦᠭᠰᠡᠭᠡᠷ ᠶᠠᠪᠤᠨ᠎ᠠ᠃

    ᠡᠮᠤᠨᠡᠲᠦ ᠭᠤᠷᠯᠤᠰ ᠤᠨ ᠮᠤᠩᠭᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠤ ᠷᠠᠳᠢᠣ᠋ ᠲᠧᠯᠧᠢᠰ ᠬᠤᠷᠢᠶᠠᠨ ᠤ ᠮᠤᠩᠭᠤᠯ ᠨᠠᠶᠢᠷᠠᠭᠤᠯᠬᠤ ᠬᠡᠯᠲᠡᠰ ᠤᠨ ᠡᠷᠬᠢᠯᠡᠭᠴᠢ ᠬᠠᠰᠤᠨ ᠤ ᠰᠤᠷᠪᠤᠯᠵᠢᠯᠠᠭ᠎ᠠ ᠶᠢ ᠸᠢᠳᠢᠣ᠋ ᠶᠢᠨ ᠬᠡᠯᠪᠡᠷᠢ ᠪᠡᠷ ᠵᠤᠬᠢᠶᠠᠯ ᠤᠨ ᠡᠬᠢᠨ ᠳ᠋ᠤ ᠬᠦᠷᠭᠡᠯ᠎ᠡ᠂ ᠬᠦᠯᠢᠶᠠᠨ ᠰᠤᠨᠢᠷᠬᠠᠮᠦ!

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
010070230030000000000000011120791121228156