蒙古文网站Logo
ᠰᠢᠨᠬᠤᠸᠠ ᠮᠤᠩᠭ᠋ᠤᠯ ᠨᠧᠲ

ᠬᠦᠬᠡᠰᠢᠯᠢ ᠲᠡᠯᠡᠬᠡᠢ ᠶᠢᠨ ᠪᠠᠶᠢᠭᠠᠯᠢ ᠶᠢᠨ ᠦᠪ ᠢᠶᠡᠷ ᠪᠦᠷᠢᠳᠭᠡᠭ᠍ᠲᠡᠪᠡ

2017-07-11 11:23

    7 ᠰᠠᠷ᠎ᠠ ᠶᠢᠨ 7 ᠤ ᠡᠲᠦᠷ ᠫᠤᠯᠠᠨᠳ᠋ ᠲᠤ ᠬᠤᠷᠠᠯᠲᠤᠭᠰᠠᠨ ᠲᠡᠯᠡᠬᠡᠢ ᠶᠢᠨ ᠦᠪ ᠤᠨ ᠶᠡᠬᠡ ᠬᠤᠷᠠᠯ ᠢᠶᠡᠷ ᠬᠦᠬᠡᠨᠠᠭᠤᠷ ᠮᠤᠵᠢ ᠶᠢᠨ ᠬᠦᠬᠡᠰᠢᠯᠢ ᠶᠢ ᠲᠡᠯᠡᠬᠡᠢ ᠶᠢᠨ ᠪᠠᠶᠢᠭᠠᠯᠢ ᠶᠢᠨ ᠦᠪ ᠢᠶᠡᠷ ᠪᠦᠷᠢᠳᠭᠡᠪᠡ᠃ ᠢᠩᠬᠢᠭᠡᠳ ᠮᠠᠨ ᠤ ᠤᠯᠤᠰ 51 ᠲᠡᠯᠡᠬᠡᠢ ᠶᠢᠨ ᠦᠪ ᠲᠠᠢ ᠤᠯᠤᠰ ᠪᠤᠯᠪᠠ᠃ ( ᠵᠢᠷᠤᠭ ᠢ ᠰᠢᠨᠬᠤᠧᠠ ᠬᠤᠷᠢᠶ᠎ᠠ ᠶᠢᠨ ᠰᠤᠷᠪᠤᠯᠵᠢᠯᠠᠭᠴᠢ ᠴᠧᠨ ᠰᠢᠦᠢ )

    ᠬᠠᠮᠢᠶ᠎ᠠ ᠲᠠᠢ ᠮᠡᠲᠡᠭᠡᠯᠡᠯ᠄ ᠪᠠᠶᠢᠭᠠᠯᠢ ᠶᠢᠨ ᠦᠪ

    ᠪᠠᠶᠢᠭᠠᠯᠢ ᠶᠢᠨ ᠦᠪ ᠲᠤ ᠦᠵᠡᠰᠬᠦᠯᠡᠩ ᠲᠡᠭᠦᠯᠲᠡᠷ ᠤᠡᠭᠭᠤᠨ ᠲᠦᠷᠬᠦᠲᠦ ᠪᠠᠶᠢᠭᠠᠯᠢ ᠪᠦᠬᠦᠢ ᠭᠠᠵᠠᠷ ᠨᠤᠲᠤᠭ ᠪᠦᠷᠢᠳᠭᠡᠭ᠍ᠲᠡᠲᠡᠭ᠃ ᠡᠭᠦᠨ ᠳ᠋ᠤ ᠲᠤᠤᠷᠠᠬᠢ ᠭᠤᠷᠪᠠᠨ ᠵᠤᠷᠪᠤᠰ ᠤᠨ ᠠᠯᠢ ᠨᠢᠭᠡᠨ ᠳ᠋ᠤᠨᠢ ᠪᠠᠭᠲᠠᠭᠰᠠᠨ ᠪᠠᠶᠢᠪᠠᠯ ᠪᠠᠶᠢᠭᠠᠯᠢ ᠶᠢᠨ ᠦᠪ ᠲᠤ ᠪᠦᠷᠢᠳᠭᠡᠭ᠍ᠲᠡᠬᠦ ᠪᠤᠯᠵᠤᠯ ᠬᠠᠩᠭᠠᠯᠲᠠ ᠲᠠᠢ᠃

    1. ᠭᠤᠤ᠎ᠠ ᠵᠦᠢ ᠪᠤᠶᠤ ᠰᠢᠨᠵᠢᠯᠡᠬᠦ ᠤᠬᠠᠭᠠᠨ ᠤ ᠡᠭᠦᠲᠡᠨ ᠡᠴᠡ ᠦᠵᠡᠬᠦ ᠳ᠋ᠤ᠂ ᠲᠤᠪᠤᠶᠢᠮ᠎ᠠ᠂ ᠨᠡᠶᠢᠲᠡᠯᠢᠭ ᠦᠨ᠎ᠡ ᠴᠡᠨ᠎ᠡ ᠪᠦᠬᠦᠢ ᠭᠠᠵᠠᠷ ᠰᠢᠨᠵᠢᠯᠡᠭᠡᠨ ᠤ ᠪᠤᠯᠤᠨ ᠠᠮᠢᠲᠤ ᠪᠤᠲᠠᠰ ᠤᠨ ᠪᠦᠲᠦᠴᠡ ᠲᠠᠢ ᠪᠤᠶᠤ ᠡᠶᠢᠮᠦᠷᠬᠦᠦ ᠲᠦᠷᠦᠯ ᠤᠨ ᠪᠦᠲᠦᠴᠡ ᠶᠢᠨ ᠰᠦᠷᠦᠭ ᠢᠶᠡᠷ ᠪᠦᠷᠢᠯᠲᠦᠭᠰᠡᠨ ᠪᠠᠶᠢᠭᠠᠯᠢ ᠶᠢᠨ ᠦᠩᠭᠡ ᠲᠦᠷᠬᠦ᠃

    2. ᠰᠢᠨᠵᠢᠯᠡᠬᠦ ᠤᠬᠠᠭᠠᠨ ᠪᠤᠶᠤ ᠬᠠᠮᠠᠭᠠᠯᠠᠯᠲᠠ ᠶᠢᠨ ᠡᠭᠦᠲᠡᠨ ᠡᠴᠡ ᠦᠵᠡᠬᠦ ᠳ᠋ᠤ᠂ ᠤᠰᠠᠳᠬᠤ ᠠᠶᠤᠯ ᠳ᠋ᠤ ᠪᠤᠢ ᠠᠮᠢᠲᠠᠨ ᠤᠷᠭᠤᠮᠠᠯ ᠪᠦᠬᠦᠢ ᠠᠮᠢ ᠠᠬᠤᠢ ᠶᠢᠨ ᠤᠷᠤᠨ᠃

    3. ᠰᠢᠨᠵᠢᠯᠡᠬᠦ ᠤᠬᠠᠭᠠᠨ᠂ ᠬᠠᠮᠠᠭᠠᠯᠠᠯᠲᠠ ᠪᠤᠶᠤ ᠪᠠᠶᠢᠭᠠᠯᠢ ᠶᠢᠨ ᠰᠠᠶᠢᠬᠠᠨ ᠤ ᠡᠭᠦᠲᠡᠨ ᠡᠴᠡ ᠦᠵᠡᠬᠦ ᠳ᠋ᠤ᠂ ᠲᠤᠪᠤᠶᠢᠮ᠎ᠠ᠂ ᠨᠡᠶᠢᠲᠡᠯᠢᠭ ᠦᠨ᠎ᠡ ᠴᠡᠨ᠎ᠡ ᠪᠦᠬᠦᠢ ᠪᠠᠶᠢᠭᠠᠯᠢ ᠶᠢᠨ ᠨᠡᠷᠡᠲᠦ ᠦᠵᠡᠮᠵᠢ ᠪᠤᠶᠤ ᠲᠤᠲᠤᠷᠬᠠᠶ ᠬᠤᠪᠢᠶᠠᠷᠢᠯᠠᠯ ᠪᠦᠬᠦᠢ ᠪᠠᠶᠢᠭᠠᠯᠢ ᠶᠢᠨ ᠪᠦᠰᠡ ᠨᠤᠲᠤᠭ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121299684