蒙古文网站Logo
ᠰᠢᠨᠬᠤᠸᠠ ᠮᠤᠩᠭ᠋ᠤᠯ ᠨᠧᠲ

ᠤᠯᠠᠭᠠᠨᠮᠦ᠋ᠴᠢᠷ ᠤᠨ ᠤᠷᠳᠤᠨ ᠤᠯᠠᠭᠠᠨᠬᠤᠲᠠ ᠳᠤ ᠪᠠᠶᠢᠭᠤᠯᠤᠭᠳᠠᠪᠠ

2017-07-24 11:46

    7 ᠰᠠᠷ᠎ᠠ ᠶᠢᠨ 22 ᠤᠨ ᠡᠳᠦᠷ᠂ ᠤᠯᠠᠭᠠᠨᠮᠦ᠋ᠴᠢᠷ ᠤᠨ ᠤᠷᠳᠤᠨ ᠤᠯᠠᠭᠠᠨᠬᠤᠳᠠ ᠳ᠋ᠤ ᠪᠠᠢᠢᠭᠤᠯᠤᠭᠳᠠᠨ ᠠᠰᠢᠬᠯᠠᠯᠳᠡ ᠳ᠋ᠤ ᠤᠷᠤᠪᠠ᠃ ᠡᠨᠡ ᠪᠤᠯ ᠤᠯᠤᠰ ᠤᠨ ᠲᠤᠳᠤᠭᠠᠳᠤ ᠶᠢᠨ ᠠᠩᠬᠠᠳᠠᠭᠴᠢ ᠠᠰᠢᠬᠯᠠᠯᠳᠡ ᠳ᠋ᠤ ᠤᠷᠤᠵᠥ ᠪᠠᠢᠢᠭ᠎ᠠ ᠤᠯᠠᠭᠠᠨᠮᠦ᠋ᠴᠢᠷ ᠤᠨ ᠤᠷᠳᠤᠨ ᠪᠤᠯᠤᠨ᠎ᠠ᠃

    ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠤᠯᠠᠭᠠᠨᠮᠦ᠋ᠴᠢᠷ ᠤᠨ ᠤᠷᠳᠤᠨ ᠤ ᠬᠦᠰᠢᠬᠡ ᠰᠡᠬᠦᠵᠥ᠂ ᠤᠯᠠᠭᠠᠨᠮᠦ᠋ᠴᠢᠷ ᠤᠨ ᠤᠷᠳᠤᠨ ᠤ ᠲᠦᠬᠦᠭᠡᠷᠤᠮᠵᠢ ᠵᠢᠴᠢ ᠬᠡᠷᠡᠭᠯᠡᠵᠥ ᠪᠠᠢᠢᠭ᠎ᠠ ᠪᠠᠢᠢᠳᠠᠯ ᠢ ᠪᠠᠢᠢᠴᠠᠭᠠᠨ ᠦᠵᠡᠵᠥ᠂ ᠤᠯᠠᠭᠠᠨᠮᠦ᠋ᠴᠢᠷ ᠤᠨ ᠲᠤᠭᠯᠠᠭᠴᠢᠳ ᠪᠤᠯᠤᠨ ᠢᠳᠡᠷᠴᠤᠳ ᠨᠠᠰᠤᠳᠠᠢᠢᠴᠤᠳ᠂ ᠵᠠᠯᠠᠭᠤᠴᠤᠳ ᠪᠠᠭᠠᠴᠤᠳ ᠵᠡᠷᠬᠡ ᠤᠯᠠᠨ ᠲᠦᠮᠡᠨ ᠤ ᠪᠠᠭ ᠤᠨ ᠪᠤᠯᠪᠠᠰᠤᠷᠠᠯ ᠢ ᠨᠠᠷᠢᠨ ᠬᠢᠨᠠᠮᠠᠭᠠᠢ ᠦᠵᠡᠭᠰᠡᠡ ᠪᠦᠭᠡᠳ ᠤᠯᠠᠨ ᠲᠠᠢ ᠲᠤᠳᠤᠨᠤ ᠪᠡᠷ ᠶᠠᠷᠢᠯᠴᠠᠵᠥ᠂ ᠤᠯᠠᠭᠠᠨᠮᠦ᠋ᠴᠢᠷ ᠤᠨ ᠲᠤᠭᠯᠠᠭᠴᠢᠳ ᠢ ᠢᠷᠠᠭᠤ ᠠᠯᠳᠠᠷᠳᠦ ᠬᠤᠪᠢᠰᠬᠠᠯ ᠤᠨ ᠤᠯᠠᠮᠵᠢᠯᠠᠯ ᠢ ᠵᠠᠯᠭᠠᠮᠵᠢᠯᠠᠨ ᠰᠢᠷᠭᠠᠭᠤ ᠬᠠᠳᠠᠭᠤᠵᠢᠯᠳᠠᠢ ᠪᠤᠯᠪᠠᠰᠤᠷᠠᠵᠥ᠂ ᠤᠯᠠᠨ ᠲᠦᠮᠡᠨ ᠳ᠋ᠤ ᠦᠢᠯᠡᠴᠢᠯᠡᠨ ᠦᠨᠳᠦᠰᠦᠳᠡᠨ ᠤ ᠰᠢᠯᠢᠳᠡᠭ ᠰᠤᠶᠤᠯ ᠢ ᠶᠡᠬᠡᠪᠡᠷ ᠪᠠᠳᠠᠷᠠᠭᠤᠯᠤᠭᠠᠷᠠᠢ ᠬᠡᠵᠥ ᠵᠤᠷᠢᠬᠵᠢᠭᠤᠯᠪᠠ᠃

    ᠤᠯᠠᠭᠠᠨᠮᠦ᠋ᠴᠢᠷ ᠤᠨ ᠤᠷᠳᠤᠨ ᠨᠢ 2016 ᠤᠨ ᠤ 5 ᠰᠠᠷ᠎ᠠ ᠶᠢᠨ1 ᠤ ᠡᠳᠤᠷ ᠡᠴᠡ ᠡᠬᠢᠯᠡᠨ ᠪᠦᠳᠦᠭᠡᠨ ᠪᠠᠢᠢᠭᠤᠯᠵᠥ᠂ ᠶᠡᠷᠤᠩᠬᠡᠢ ᠬᠦᠷᠦᠩᠭᠡ ᠤᠷᠤᠭᠤᠯᠤᠯᠳᠡ ᠨᠢ 8 ᠳ᠋ᠦᠩᠰᠢᠭᠤᠷ ᠰᠢᠬᠠᠮ ᠲᠦᠬᠦᠷᠢᠭ᠌ ᠲᠥ ᠬᠦᠷᠴᠦ᠂ 12.6 ᠲᠦᠮᠡᠨ ᠭᠦᠸᠠᠳ᠋ ᠮᠸᠲ᠋ᠷ ᠲᠠᠯᠠᠪᠠᠢ ᠲᠠᠢ᠂ ᠪᠠᠷᠢᠯᠭ᠎ᠠ ᠶᠢᠨ ᠶᠡᠷᠤᠩᠬᠡᠢ ᠲᠠᠯᠠᠪᠠᠢ ᠨᠢ5.5 ᠲᠦᠮᠡᠨ ᠭᠦᠸᠠᠳ᠋ ᠮᠸᠲ᠋ᠷ ᠪᠠᠢᠢᠵᠥ᠂ ᠬᠢᠩᠭ᠋ᠠᠨ ᠤ ᠤᠯᠠᠭᠠᠨᠮᠦ᠋ᠴᠢᠷ᠂ ᠤᠯᠠᠨ ᠲᠦᠮᠡᠨ ᠤ ᠤᠷᠠᠯᠢᠭ ᠤᠨ ᠤᠷᠳᠤᠨ᠂ ᠶᠡᠬᠡ ᠵᠦᠴᠦᠭᠡ ᠶᠢᠨ ᠬᠦᠷᠢᠶᠡᠯᠡᠩ᠂ ᠲᠠᠭᠤᠤ ᠬᠦᠭ᠍ᠵᠢᠮ ᠤᠨ ᠲᠢᠩᠬᠢᠮ᠂ ᠺᠢᠨᠣ᠋ ᠶᠢᠨ ᠤᠷᠳᠤᠨ ᠵᠡᠷᠬᠡ ᠲᠠᠪᠤᠨ ᠶᠡᠬᠡ ᠴᠢᠳᠡᠪᠬᠢᠳᠤ ᠲᠤᠭᠤᠷᠢᠭ ᠢᠶᠡᠷ ᠪᠦᠷᠢᠯᠳᠦᠵᠥ᠂ ᠢᠯᠡ ᠲᠤᠳᠤ ᠰᠤᠶᠤᠯ ᠪᠠ ᠤᠷᠤᠨ ᠪᠦᠰᠡ ᠶᠢᠨ ᠤᠨᠴᠠᠯᠢᠭ ᠲᠠᠢ ᠪᠤᠯᠤᠭᠰᠠᠠ ᠪᠠᠢᠢᠨ᠎ᠠ᠃ ᠲᠡᠬᠦᠨ ᠤ ᠠᠰᠢᠬᠯᠠᠯᠳᠡ ᠳ᠋ᠤ ᠤᠷᠤᠭᠰᠠᠠ ᠨᠢ ᠬᠢᠩᠭ᠋ᠠᠨ ᠠᠢᠢᠮᠠᠭ ᠤᠨ ᠤᠯᠠᠭᠠᠨᠮᠦ᠋ᠴᠢᠷ ᠤᠨ ᠬᠦᠭ᠍ᠵᠢᠯᠳᠡ ᠶᠢᠨ ᠨᠦᠬᠦᠴᠡᠯ ᠢ ᠶᠡᠬᠡᠪᠡᠷ ᠰᠠᠢᠢᠵᠢᠷᠠᠭᠤᠯᠤᠭᠰᠠᠠ ᠪᠦᠭᠡᠳ ᠬᠢᠩᠭ᠋ᠠᠨ ᠠᠢᠢᠮᠠᠭ ᠤᠨ ᠰᠤᠶᠤᠯ ᠤᠨ ᠪᠠᠢᠢᠭᠤᠯᠤᠯᠳᠠ ᠶᠢᠨ ᠬᠢᠯᠠᠰ ᠴᠡᠭ ᠪᠠ ᠬᠤᠳᠠ ᠶᠢᠨ ᠲᠦᠷᠢ ᠲᠦᠷᠬᠦ ᠶᠢ ᠦᠵᠡᠬᠦᠯᠬᠦ ᠭᠤᠢᠢᠳᠠ ᠰᠠᠢᠢᠬᠠᠨ ᠨᠡᠷ᠎ᠠ ᠶᠢᠨ ᠬᠠᠭᠤᠳᠠᠰᠤ ᠪᠤᠯᠵᠠᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121370170