蒙古文网站Logo
ᠰᠢᠨᠬᠤᠸᠠ ᠮᠤᠩᠭ᠋ᠤᠯ ᠨᠧᠲ

ᠬᠦᠬᠡᠨᠠᠭᠤᠷ ᠮᠤᠵᠢ ᠵᠢᠭᠤᠯᠴᠢᠯᠠᠯ ᠤᠨ ᠢᠲᠠ ᠤᠯᠠᠷᠢᠯ ᠳ᠋ᠠᠭᠠᠨ ᠤᠷᠤᠯ᠎ᠠ

2017-07-26 15:57

    ᠰᠢᠨᠬᠤᠧᠠ ᠬᠤᠷᠢᠶ᠎ᠠ  ᠰᠢᠨᠢᠩ ᠤᠨ 7 ᠰᠠᠷ᠎ᠠ ᠶᠢᠨ 22 ᠤᠨ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠼᠤᠤ ᠲᠢᠩ ) ᠹᠦ᠋ ᠶᠢᠨ ᠬᠠᠯᠠᠭᠤᠨ ᠤᠷᠤᠭᠰᠠᠨ ᠢᠶᠡᠷ ᠠᠭᠤᠯᠠ ᠲᠠᠯ᠎ᠠ ᠪᠡᠷ ᠰᠠᠯᠬᠢᠨ ᠳ᠋ᠤ ᠭᠠᠷᠬᠤ ᠬᠦᠮᠦᠰ ᠤᠯᠠᠨ ᠪᠤᠯᠵᠠᠢ᠃ ᠰᠠᠯᠬᠢᠨ ᠳ᠋ᠤ ᠭᠠᠷᠴᠤ ᠵᠤᠭᠠᠴᠠᠵᠤ ᠰᠡᠯᠡᠬᠦᠴᠡᠬᠦ ᠵᠤᠰᠠᠯᠠᠩ ᠤᠨ ᠭᠠᠵᠠᠷ ᠪᠤᠯᠤᠭᠰᠠᠨ ᠬᠦᠬᠡᠨᠠᠭᠤᠷ ᠮᠤᠵᠢ ᠵᠢᠭᠤᠯᠴᠢᠯᠠᠯ ᠤᠨ ᠢᠲᠠ ᠤᠯᠠᠷᠢᠯ ᠳ᠋ᠠᠭᠠᠨ ᠤᠷᠤᠵᠤ᠂ ᠬᠤᠨᠤᠬᠤ ᠪᠠᠭᠤᠲᠠᠯ ᠲᠡᠷᠭᠡ ᠤᠨᠤᠭ᠎ᠠ ᠪᠠᠴᠢᠮ ᠪᠠᠶᠢᠨ᠎ᠠ᠃

    ᠡᠨᠡ ᠵᠢᠯ ᠤᠨ 7 ᠰᠠᠷ᠎ᠠ ᠳ᠋ᠤ ᠪᠤᠤ ᠵᠢᠢ - ᠯᠠᠨᠵᠧᠦ ᠬᠤᠭᠤᠷᠤᠨᠲᠤ ᠶᠢᠨ ᠬᠤᠷᠲᠤᠨ ᠤ ᠭᠠᠯᠲᠤ ᠲᠡᠷᠭᠡ ᠨᠡᠪᠲᠡᠷᠡᠭᠰᠡᠨ ᠢᠶᠡᠷ ᠰᠢᠨᠢᠩ ᠤᠯᠤᠰ ᠲᠠᠶᠠᠭᠠᠷ ᠤᠨ ᠬᠤᠷᠲᠤᠨ ᠤ ᠭᠠᠯᠲᠤ ᠲᠡᠷᠭᠡᠨ ᠱᠤᠭᠤᠮ ᠤᠨ ᠲᠤᠤᠷ ᠲᠤ ᠬᠤᠯᠪᠤᠭᠲᠠᠵᠤ᠂ ᠲᠡᠮᠦᠷ ᠵᠠᠮ ᠤᠨ ᠵᠦᠭᠡᠭᠡᠪᠦᠷᠢ ᠶᠢᠨ ᠲᠠᠷᠤᠭᠠᠰᠤ ᠶᠢ ᠬᠦᠩᠭᠡᠯᠡᠪᠡ᠃ ᠤᠲᠤᠬᠠᠨ ᠳ᠋ᠤ ᠬᠦᠬᠡᠨᠠᠭᠤᠷ ᠲᠤ 5 ᠢᠷᠭᠡᠨ ᠤ ᠨᠢᠰᠬᠦ ᠤᠩᠭ᠋ᠤᠴᠠ ᠶᠢᠨ ᠪᠠᠭᠤᠲᠠᠯ ᠲᠠᠢ᠃ ᠡᠨᠡ ᠵᠢᠯ ᠤᠨ ᠵᠢᠭᠤᠯᠴᠢᠯᠠᠯ ᠤᠨ ᠢᠲᠡ ᠤᠯᠠᠷᠢᠯ ᠳ᠋ᠤ ᠤᠤᠯ ᠤᠨ ᠪᠠᠶᠢᠭᠰᠠᠨ ᠨᠢᠰᠬᠦ ᠤᠩᠭ᠋ᠤᠴᠠ ᠶᠢᠨ ᠡᠭᠡᠯᠵᠢ ᠶᠢ ᠨᠡᠮᠡᠬᠦ᠂ ᠰᠢᠨ᠎᠎ᠡ ᠪᠡᠷ ᠨᠡᠪᠲᠡᠷᠡᠬᠦᠯᠬᠦ ᠵᠡᠷᠭᠡ ᠠᠷᠭ᠎ᠠ ᠬᠡᠮᠵᠢᠶ᠎ᠠ ᠪᠡᠷ ᠵᠠᠮ ᠬᠠᠷᠢᠯᠴᠠᠭᠠᠨ ᠤ ᠲᠠᠷᠤᠭᠠᠰᠤ ᠶᠢ ᠬᠦᠩᠭᠡᠯᠡᠭ᠍ᠰᠡᠨ ᠢᠶᠡᠷ ᠲᠠᠰᠤᠯᠪᠤᠷᠢ ᠤᠯᠬᠤ ᠳ᠋ᠤ ᠬᠡᠴᠡᠬᠦᠦ ᠪᠠᠶᠢᠲᠠᠯ ᠦᠨᠳᠦᠰᠦᠨ ᠳ᠋ᠡᠭᠡᠨ ᠭᠠᠷᠤᠭᠰᠠᠨ ᠦᠭᠡᠢ᠃

    ᠰᠤᠷᠪᠤᠯᠵᠢᠯᠠᠭᠴᠢ ᠲᠡᠮᠦᠷ ᠵᠠᠮ ᠪᠠ ᠢᠷᠭᠡᠨ ᠤ ᠠᠭᠠᠷ ᠠᠶᠠᠯᠠᠯ ᠤᠨ ᠰᠠᠯᠠᠭ᠎ᠠ ᠮᠦᠴᠢᠷ ᠤᠨ ᠬᠢᠨ ᠡᠴᠡ ᠤᠶᠢᠯᠠᠭᠠᠭᠰᠠᠨ ᠢᠶᠡᠷ᠂ ᠢᠷᠡᠬᠦ 20 ᠬᠤᠨᠤᠭ ᠲᠤ ᠪᠡᠭᠡᠵᠢᠩ᠂ ᠱᠠᠩᠬᠠᠢ ᠡᠴᠡ ᠰᠢᠨᠢᠩ ᠤᠷᠤᠭᠤ ᠢᠷᠡᠬᠦ ᠭᠠᠯᠲᠤ ᠲᠡᠷᠭᠡ ᠵᠦᠪᠬᠡᠨ ᠰᠠᠭᠤᠲᠠᠯ ᠲᠠᠢ᠂ ᠰᠢᠨᠢᠩ ᠡᠴᠡ ᠲᠦᠪᠡᠳ ᠬᠦᠷᠬᠦ ᠭᠠᠯᠲᠤ ᠲᠡᠷᠭᠡ ᠴᠦᠬᠡᠨ ᠲᠤᠭᠠᠨ ᠤ ᠰᠠᠭᠤᠲᠠᠯ ᠲᠠᠢ᠃ ᠰᠢᠨᠢᠩ ᠡᠴᠡ ᠦᠷᠦᠮᠴᠢ᠂ ᠰᠢ ᠠᠨ ᠬᠦᠷᠬᠦ ᠬᠤᠷᠲᠤᠨ ᠤ ᠭᠠᠯᠲᠤ ᠲᠡᠷᠭᠡ ᠶᠢᠨ ᠬᠤᠶᠠᠲᠤᠭᠠᠷ ᠵᠡᠷᠭᠡᠯᠡᠯ ᠤᠨ ᠰᠠᠭᠤᠲᠠᠯ ᠤᠨ ᠲᠠᠰᠤᠯᠪᠤᠷᠢ ᠬᠦᠢᠴᠡᠳ ᠪᠠᠶᠢᠨ᠎ᠠ᠃ ᠰᠢᠨᠢᠩ ᠡᠴᠡ ᠤᠯᠤᠰ ᠤᠨ ᠲᠤᠲᠤᠭᠠᠲᠤ ᠶᠢᠨ ᠭᠤᠤᠯ ᠬᠤᠲᠠ ᠶᠢᠨ ᠬᠤᠭᠤᠷᠤᠨᠲᠤ ᠨᠡᠪᠲᠡᠷᠡᠵᠦ ᠪᠦᠬᠦᠢ ᠨᠢᠰᠬᠦ ᠤᠩᠭ᠋ᠤᠴᠠ ᠶᠢᠨ ᠡᠭᠡᠯᠵᠢ ᠶᠢ ᠨᠡᠮᠡᠭᠰᠡᠨ ᠪᠤᠯᠪᠠᠴᠤ ᠲᠠᠰᠤᠯᠪᠤᠷᠢ ᠴᠦᠬᠡᠬᠡᠨ ᠪᠠᠶᠢᠭ᠎ᠠ ᠪᠠᠶᠢᠲᠠᠯ ᠲᠠᠢ᠃ ᠪᠡᠭᠡᠵᠢᠩ᠂ ᠱᠠᠩᠬᠠᠢ᠂ ᠵᠧᠩᠵᠧᠦ ᠵᠡᠷᠭᠡ ᠭᠠᠵᠠᠷ ᠡᠴᠡ ᠰᠢᠨᠢᠩ ᠳ᠋ᠤ ᠢᠷᠡᠵᠦ ᠪᠤᠴᠠᠬᠤ ᠨᠢᠰᠬᠦ ᠤᠩᠭ᠋ᠤᠴᠠ ᠶᠢᠨ ᠲᠠᠰᠤᠯᠪᠤᠷᠢ ᠬᠢᠮᠲᠠᠷᠠᠯᠳᠠ ᠦᠭᠡᠢ᠃

    ᠵᠤᠨ ᠤ ᠤᠯᠠᠷᠢᠯ ᠳᠤ ᠬᠦᠬᠡᠨᠠᠭᠤᠷ ᠤᠨ ᠠᠭᠤᠷ ᠠᠮᠢᠰᠬᠤᠯ ᠰᠡᠷᠢᠬᠦᠨ ᠲᠠᠭᠠᠯᠠᠮᠵᠢᠲᠠᠢ᠂ ᠡᠬᠢ ᠪᠠᠶᠠᠯᠢᠭ ᠤᠨ ᠲᠠᠪᠠᠭᠤᠯᠢᠭ ᠲᠤᠪᠤᠶᠢᠮ᠎ᠠ᠃ ᠲᠡᠭᠦᠨᠴᠢᠯᠡᠨ ᠲᠤᠰ ᠮᠤᠵᠢ ᠲᠠᠯ᠎ᠠ ᠨᠤᠲᠤᠭ ᠤᠨ ᠠᠶᠠᠯᠠᠯ ᠵᠢᠭᠤᠯᠴᠢᠯᠠᠯ ᠰᠤᠶᠤᠯ ᠨᠠᠶᠢᠷ ᠤᠨ ᠠᠵᠢᠯᠯᠠᠭ᠎ᠠ ᠵᠡᠷᠭᠡ ᠤᠯᠠᠨ ᠠᠷᠭ᠎ᠠ ᠬᠡᠮᠵᠢᠶ᠎ᠠ ᠵᠤᠬᠢᠶᠠᠨ ᠪᠠᠶᠢᠭᠤᠯᠵᠤ᠂ ᠬᠦᠬᠡᠨᠠᠭᠤᠷ ᠢ ᠲᠤᠭᠤᠷᠢᠨ ᠠᠶᠠᠯᠠᠬᠤ ᠲᠤᠭᠤᠢ ᠲᠡᠷᠭᠡᠨ ᠤ ᠤᠷᠤᠯᠲᠤᠭᠠᠨ ᠶᠠᠭ ᠶᠠᠪᠤᠭᠲᠠᠵᠤ ᠪᠠᠶᠢᠨ᠎ᠠ᠃ ᠬᠦᠬᠡᠨᠠᠭᠤᠷ ᠤᠨ ᠬᠠᠪᠢ ᠲᠦᠰᠦᠷ ᠤᠨ ᠵᠤᠴᠢᠳ ᠪᠠᠭᠤᠲᠠᠯ ᠤᠨ 7᠂ 8 ᠰᠠᠷ᠎ᠠ ᠶᠢᠨ ᠵᠠᠬᠢᠶᠠᠯᠠᠭ᠎ᠠ 80% ᠡᠴᠡ ᠲᠡᠭᠡᠭ᠍ᠰᠢ ᠬᠦᠷᠪᠡ᠃

    ᠰᠤᠷᠪᠤᠯᠵᠢᠯᠠᠭᠴᠢ ᠬᠦᠬᠡᠨᠠᠭᠤᠷ ᠮᠤᠵᠢ ᠶᠢᠨ ᠠᠶᠠᠯᠠᠯ ᠵᠢᠭᠤᠯᠴᠢᠯᠠᠯ ᠢ ᠬᠦ᠍ᠭ᠍ᠵᠢᠬᠦᠯᠬᠦ ᠵᠦᠪᠯᠡᠯ ᠡᠴᠡ ᠤᠶᠢᠯᠠᠭᠠᠭᠰᠠᠨ ᠢᠶᠡᠷ᠂ ᠡᠨᠡ ᠤᠨ ᠤ 1 – 6 ᠰᠠᠷ᠎ᠠ ᠳ᠋ᠤ ᠬᠦᠬᠡᠨᠠᠭᠤᠷ ᠮᠤᠵᠢ ᠤᠯᠤᠰ ᠤᠨ ᠲᠤᠲᠤᠭᠠᠲᠤ ᠶᠢᠨ ᠲᠠᠪᠬᠤᠷᠲᠠᠭᠰᠠᠨ ᠲᠤᠭ᠎ᠠ ᠪᠡᠷ 1241.53 ᠲᠦᠮᠡᠨ ᠵᠢᠭᠤᠯᠴᠢᠯᠠᠭᠴᠢᠳ ᠢ ᠬᠦᠯᠢᠶᠡᠨ ᠵᠤᠴᠢᠯᠠᠪᠠ᠃ ᠡᠭᠦᠨ ᠳ᠋ᠤ ᠬᠦᠬᠡᠨᠠᠭᠤᠷ ᠮᠤᠵᠢ ᠶᠢᠨ ᠦᠵᠡᠮᠵᠢ ᠶᠢᠨ ᠪᠦᠰᠡ ᠤᠯᠤᠰ ᠤᠨ ᠲᠤᠲᠤᠭᠠᠲᠤ ᠶᠢᠨ ᠲᠠᠪᠬᠤᠷᠲᠠᠭᠰᠠᠨ ᠲᠤᠭ᠎ᠠ ᠪᠡᠷ 42.2 ᠲᠦᠮᠡᠨ ᠵᠢᠭᠤᠯᠴᠢᠯᠠᠭᠴᠢᠳ ᠬᠦᠯᠢᠶᠡᠨ ᠵᠤᠴᠢᠯᠠᠵᠤ᠂ ᠠᠶᠠᠯᠠᠯ ᠵᠢᠭᠤᠯᠴᠢᠯᠠᠯ ᠤᠨ ᠤᠷᠤᠯᠭ᠎ᠠ 4102 ᠲᠦᠮᠡᠨ ᠲᠦᠭᠦᠷᠢᠭ᠌ ᠬᠦᠷᠪᠡ᠃ ᠬᠠᠮᠢᠶ᠎᠎ᠠ ᠲᠠᠢ ᠲᠠᠯ᠎ᠠ ᠶᠢᠨ ᠬᠢᠨ 7᠂ 8᠂ 9 ᠰᠠᠷ᠎ᠠ ᠪᠤᠯ ᠪᠠᠷᠠᠭᠤᠨ ᠪᠦᠰᠡ ᠨᠤᠲᠤᠭ ᠤᠨ ᠠᠶᠠᠯᠠᠯ ᠵᠢᠭᠤᠴᠢᠯᠠᠯ ᠤᠨ ᠢᠲᠡ ᠤᠯᠠᠷᠢᠯ ᠪᠠᠶᠢᠵᠤ ᠵᠢᠭᠤᠯᠴᠢᠯᠠᠭᠴᠢᠳ ᠡᠷᠲᠡ ᠡᠴᠡ ᠪᠡᠯᠡᠳᠭᠡᠯ ᠢᠶᠡᠨ ᠰᠠᠶᠢᠲᠦᠷ ᠬᠢᠬᠦ ᠶᠢ ᠰᠠᠨᠠᠭᠤᠯᠵᠤ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121383868