蒙古文网站Logo
ᠰᠢᠨᠬᠤᠸᠠ ᠮᠤᠩᠭ᠋ᠤᠯ ᠨᠧᠲ

ᠨᠠᠶ᠋ᠮᠠᠨ ᠮᠤᠵᠢ ᠤᠷᠤᠨ ‍ᠤ ᠨᠠᠶᠢᠷᠠᠭᠤᠯᠤᠯ ‍ᠤᠨ ᠷᠠᠳᠢᠣ᠋ ᠱᠠᠩᠨᠠᠯᠲᠦ ᠤᠷᠤᠯᠳᠤᠭᠠᠨ ‍ᠤ ᠰᠢᠯᠢᠳᠡᠭ ᠵᠤᠬᠢᠶᠠᠯ ᠪᠦᠲᠦᠭᠡᠯ ‍ᠢ ᠱᠠᠩᠨᠠᠨ ᠬᠦᠬᠢᠬᠦᠯᠬᠦ ᠶᠤᠰᠤᠯᠠᠯ ᠪᠤᠯᠤᠯ᠎ᠠ

2017-07-29 12:25

    ᠨᠠᠶ᠋ᠮᠠᠨ ᠮᠤᠵᠢ ᠣᠷᠣᠨ ᠤ ᠮᠣᠩᠭᠣᠯ ᠬᠡᠯᠡ ᠪᠢᠴᠢᠭ᠌ ‍ᠥᠨ ᠠᠵᠢᠯ ᠤᠨ ᠬᠠᠮᠵᠢᠯᠴᠠᠬᠤ ᠳᠤᠭᠤᠶᠢᠯᠠᠩ ᠤᠨ ᠠᠯᠪᠠᠨ ᠭᠡᠷ ᠡᠴᠡ ᠭᠤᠤᠯᠯᠠᠨ ᠡᠷᠬᠢᠯᠡᠵᠦ᠂ ᠦᠪᠦᠷ ᠮᠤᠩᠭᠤᠯ ᠤᠨ ᠤᠯᠠᠭᠠᠨᠬᠠᠳᠠ ᠬᠣᠲᠠ ᠶ᠋ᠢᠨ ᠦᠨᠳᠦᠰᠦᠲᠡᠨ ‍ᠥ ᠬᠡᠷᠡᠭ ᠡᠷᠬᠢᠯᠡᠬᠦ ᠵᠥᠪᠯᠡᠯ᠂ ᠤᠯᠠᠭᠠᠨᠬᠠᠳᠠ ᠶ᠋ᠢᠨ ᠷᠠᠳᠢᠣ᠋ ᠲᠧᠯᠸᠢᠰ ᠬᠣᠷᠢᠶᠠᠨ ᠤ ᠮᠣᠩᠭᠣᠯ ᠶᠡᠷᠦᠩᠬᠡᠶᠢᠯᠡᠭᠰᠡᠨ ᠷᠠᠳᠢᠣ᠋ ᠡᠴᠠ ᠲᠠᠭᠠᠭᠠᠴᠢᠯᠠᠨ ᠡᠷᠬᠢᠯᠡᠭᠰᠡᠨ《ᠨᠠᠶ᠋ᠮᠠᠨ ᠮᠤᠵᠢ ᠤᠷᠤᠨ ‍ᠤ ᠨᠠᠶᠢᠷᠠᠭᠤᠯᠤᠯ ‍ᠤᠨ ᠷᠠᠳᠢᠣ᠋ ᠱᠠᠩᠨᠠᠯᠲᠦ ᠤᠷᠤᠯᠳᠤᠭᠠᠨ》 ᠤ ᠰᠢᠯᠢᠳᠡᠭ ᠵᠤᠬᠢᠶᠠᠯ ᠪᠦᠲᠦᠭᠡᠯ ‍ᠢ ᠱᠠᠩᠨᠠᠨ ᠬᠦᠬᠢᠬᠦᠯᠬᠦ ᠶᠤᠰᠤᠯᠠᠯ ᠵᠢᠴᠢ ᠶᠠᠷᠢᠯᠴᠠᠬᠤ ᠬᠤᠷᠠᠯ 7 ᠰᠠᠷ᠎ᠠ ᠶ᠋ᠢᠨ 28 ᠤ᠋ ᠡᠳᠦᠷ ᠤᠯᠠᠭᠠᠨᠬᠠᠳᠠ ᠬᠤᠲᠠ ᠳ᠋ᠥ ᠠᠮᠵᠢᠯᠲᠠᠲᠠᠢ ᠶᠠᠪᠤᠭᠳᠠᠯ᠎ᠠ᠃

    ᠲᠤᠰ ᠠᠵᠢᠯᠯᠠᠭ᠎ᠠ ᠳ᠋ᠥ ᠤᠯᠠᠭᠠᠨᠬᠠᠳᠠ ᠬᠤᠲᠠ ᠶ᠋ᠢᠨ ᠦᠨᠳᠦᠰᠦᠲᠡᠨ ‍ᠤ ᠬᠡᠷᠡᠭ ᠡᠷᠬᠢᠯᠡᠬᠦ ᠵᠦᠪᠯᠡᠯ᠂ ᠤᠯᠠᠭᠠᠨᠬᠠᠳᠠ ᠶ᠋ᠢᠨ ᠷᠠᠳᠢᠣ᠋ ᠲᠧᠯᠸᠢᠰ ᠬᠤᠷᠢᠶ᠎ᠠ ᠪᠠ ᠤᠯᠠᠭᠠᠨᠬᠠᠳᠠ ᠶ᠋ᠢᠨ ᠡᠳᠦᠷ ‍ᠤᠨ ᠰᠤᠨᠢᠨ ‍ᠤ ᠬᠣᠷᠢᠶᠠᠨ ᠤ ᠬᠠᠮᠢᠶ᠎ᠠ ᠲᠠᠢ ᠤᠳᠤᠷᠢᠳᠤᠯᠭ᠎ᠠ ᠪᠤᠯᠤᠨ ᠠᠵᠢᠯᠲᠠᠳ᠂ ᠱᠠᠩᠨᠠᠯ ᠬᠦᠷᠲᠡᠭᠰᠡᠨ ᠵᠤᠬᠢᠶᠠᠯᠴᠢᠳ ‍ᠢ ᠪᠠᠭᠲᠠᠭᠠᠭᠰᠠᠨ 50 ᠭᠠᠷᠤᠢ ᠬᠦᠮᠦᠰ ᠤᠷᠤᠯᠴᠠᠵᠠᠢ᠃ ᠨᠠᠮ ᠲᠥᠷᠥ ᠶ᠋ᠢᠨ ᠦᠨᠳᠦᠰᠦᠲᠡᠨ ‍ᠤ ᠲᠤᠬᠠᠢ ᠲᠦᠷᠦ ᠶ᠋ᠢᠨ ᠪᠤᠳᠤᠯᠭ᠎ᠠ ᠶ᠋ᠢ ᠨᠠᠩ ᠰᠠᠶᠢᠨ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠦᠪᠦᠷ ᠮᠤᠩᠭᠤᠯ ‍ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ‍ᠤᠨ ᠤᠢ ᠳ᠋ᠥ ᠰᠠᠶᠢᠨ ᠰᠠᠶᠢᠬᠠᠨ ᠬᠡᠯᠡᠨ ‍ᠤ ᠤᠷᠴᠢᠨ ᠲᠤᠭᠤᠷᠢᠨ ‍ᠢ ᠪᠤᠢ ᠪᠤᠯᠭᠠᠬᠤ ᠪᠠ ᠰᠢᠯᠢᠳᠡᠭ ᠦᠪ ᠰᠤᠶᠤᠯ ᠢᠶᠡᠨ ᠤᠯᠠᠮᠵᠢᠯᠠᠨ ᠬᠦᠭᠵᠢᠬᠦᠯᠬᠦ ᠶ᠋ᠢᠨ ᠲᠦᠯᠦᠭᠡ᠂ ᠲᠤᠰ ᠤᠳᠠᠭᠠᠨ ‍ᠤ ᠨᠠᠶ᠋ᠮᠠᠨ ᠮᠤᠵᠢ ᠤᠷᠤᠨ ‍ᠤ ᠨᠠᠶᠢᠷᠠᠭᠤᠯᠤᠯ ‍ᠤᠨ ᠷᠠᠳᠢᠣ᠋ ᠱᠠᠩᠨᠠᠯᠲᠦ ᠤᠷᠤᠯᠳᠤᠭᠠᠨ ‍ᠢ ᠵᠤᠬᠢᠶᠠᠨ ᠪᠠᠶᠢᠭᠤᠯᠵᠤ ᠦᠷᠨᠢᠬᠦᠯᠦᠭᠰᠡᠨ ᠶᠤᠮ᠃

    ᠨᠠᠶ᠋ᠮᠠᠨ ᠮᠤᠵᠢ ᠤᠷᠤᠨ ‍ᠤ ᠨᠠᠶᠢᠷᠠᠭᠤᠯᠤᠯ ‍ᠤᠨ ᠷᠠᠳᠢᠣ᠋ ᠱᠠᠩᠨᠠᠯᠲᠦ ᠤᠷᠤᠯᠳᠤᠭᠠᠨ ᠨᠢ ᠤᠬᠤᠷᠬᠠᠨ ᠬᠤᠶᠠᠷ ᠰᠠᠷ᠎ᠠ ᠭᠠᠷᠤᠢ ᠶ᠋ᠢᠨ ᠬᠤᠭᠤᠴᠠᠭᠠᠨ ᠳ᠋ᠥ ᠤᠯᠤᠰ ᠲᠠᠶᠠᠭᠠᠷ ‍ᠤᠨ ᠨᠠᠶ᠋ᠮᠠᠨ ᠮᠤᠵᠢ ᠤᠷᠤᠨ ‍ᠤ 80 ᠵᠤᠬᠢᠶᠠᠯᠴᠢ ᠶ᠋ᠢᠨ 85 ᠡᠬᠡ ᠪᠢᠴᠢᠭ᠌ ‍ᠢ ᠬᠤᠷᠢᠶᠠᠨ ᠤᠯᠵᠤ᠂ ᠬᠢᠨᠠᠭᠴᠢᠳ ‍ᠤᠨ ᠬᠡᠳᠦ ᠤᠳᠠᠭᠠᠨ ‍ᠤ ᠲᠦᠪ ᠭᠤᠤᠯᠴᠢ ᠬᠢᠨᠠᠨ ᠰᠢᠬᠦᠯᠲᠠ ᠪᠡᠷ ᠲᠠᠮᠵᠢᠵᠦ 28 ᠡᠬᠡ ᠪᠢᠴᠢᠭ᠌ ‍ᠢ ᠰᠢᠭᠰᠢᠵᠦ ᠱᠠᠩᠨᠠᠯ ᠣᠯᠭᠣᠬᠤ ᠪᠠᠷ ᠲᠣᠭᠲᠠᠭᠰᠠᠨ ᠪᠠᠶᠢᠨ᠎ᠠ᠃

ᠢᠷᠡᠯᠳᠡ᠄ ᠳᠤᠮᠳᠠᠳᠤ ᠤᠯᠤᠰ ᠤᠨ ᠮᠤᠩᠭ᠋ᠤᠯ ᠷᠠᠳᠢᠣ᠋ ᠰᠦᠯᠵᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121399815