ᠦᠪᠦᠷ ᠮᠤᠩᠭ᠋ᠤᠯ ᠤᠨ ᠡᠵᠡᠨ᠎ᠡ ᠬᠤᠰᠢᠭᠤᠨ ᠳ᠋ᠤ 7 ᠲᠡᠰ ᠤᠨ ᠡᠯᠡᠰᠦᠨ ᠰᠢᠭᠤᠷᠭ᠎ᠠ ᠲᠡᠭᠲᠡᠪᠡ 2017-08-03 12:01

    8 ᠰᠠᠷ᠎ᠠ ᠶᠢᠨ 2 ᠤᠨ ᠡᠲᠦᠷ ᠤᠨ 16᠄ 40 ᠴᠠᠭ ᠲᠤ ᠦᠪᠦᠷ ᠮᠤᠩᠭ᠋ᠤᠯ ᠤᠨ ᠠᠯᠠᠱᠠ ᠠᠶᠢᠮᠠᠭ ᠤᠨ ᠡᠵᠡᠨ᠎ᠡ ᠬᠤᠰᠢᠭᠤᠨ ᠳ᠋ᠤ ᠭᠡᠨᠡᠳᠲᠡ ᠪᠠᠷᠠᠭᠤᠨ ᠬᠤᠶᠢᠨ᠎ᠠ ᠡᠴᠡ 7 ᠲᠡᠰ ᠤᠨ ᠡᠯᠡᠰᠦᠨ ᠰᠢᠭᠤᠷᠭ᠎ᠠ ᠲᠡᠭᠲᠡᠵᠦ ᠴᠠᠭ ᠭᠠᠷᠤᠢ ᠦᠷᠬᠦᠯᠵᠢᠯᠡᠭᠡᠳ 18᠄ 30 ᠴᠠᠭ ᠲᠤ ᠰᠠᠯᠬᠢᠨ ᠤ ᠬᠦᠴᠦᠨ ᠨᠠᠮᠲᠠᠪᠠ᠃

    ᠰᠤᠷᠪᠤᠯᠵᠢᠯᠠᠭᠴᠢ ᠠᠯᠠᠱᠠ ᠠᠶᠢᠮᠠᠭ ᠤᠨ ᠴᠠᠭ ᠠᠭᠤᠷ ᠤᠨ ᠲᠤᠪᠴᠢᠶᠠᠨ ᠡᠴᠡ ᠤᠶᠢᠯᠠᠭᠠᠭᠰᠠᠨ ᠢᠶᠡᠷ᠂ ᠲᠤᠰ ᠤᠲᠠᠭᠠᠨ ᠤ ᠡᠯᠡᠰᠦᠨ ᠰᠢᠭᠤᠷᠭ᠎ᠠ ᠨᠢ ᠴᠠᠭ ᠠᠭᠤᠷ ᠤᠨ ᠴᠢᠨᠠᠷᠲᠠᠢ ᠰᠤᠯᠢᠭ ᠤᠷᠤᠰᠬᠠᠯ ᠡᠴᠡ ᠪᠤᠯᠵᠤ ᠡᠭᠦᠰᠦᠭᠰᠡᠨ ᠤᠬᠤᠷ ᠬᠤᠭᠤᠴᠠᠭᠠᠨ ᠤ ᠭᠡᠨᠡᠳᠲᠡ ᠶᠢᠨ ᠡᠯᠡᠰᠦᠨ ᠰᠢᠭᠤᠷᠭ᠎ᠠ ᠪᠠᠶᠢᠵᠤ ᠰᠠᠯᠬᠢᠨ ᠤ ᠬᠦᠴᠦᠨ 7 ᠲᠡᠰ ᠲᠤ ᠬᠦᠷᠪᠡ᠃ ᠦᠷᠬᠦᠯᠵᠢᠯᠡᠭᠰᠡᠨ ᠴᠠᠭ ᠨᠢ ᠤᠬᠤᠷ᠂ ᠵᠡᠬᠦᠨᠰᠢ ᠰᠢᠯᠵᠢᠨ ᠬᠦᠴᠦᠨ ᠨᠠᠮᠲᠠᠵᠤ ᠡᠵᠡᠨ᠎ᠡ ᠬᠤᠰᠢᠭᠤᠨ ᠤ ᠵᠡᠬᠦᠨ ᠪᠦᠰᠡ᠂ ᠠᠯᠠᠱᠠ ᠠᠶᠢᠮᠠᠭ ᠤᠨ ᠬᠤᠶᠢᠲᠤ ᠪᠦᠰᠡ ᠨᠤᠲᠤᠭ ᠢᠶᠡᠷ ᠰᠠᠯᠬᠢᠯᠠᠬᠤ ᠪᠤᠯᠤᠮᠵᠢ ᠲᠠᠢ ᠭᠡᠵᠡᠢ᠃

ᠢᠷᠡᠯᠳᠡ᠄ ᠠᠯᠠᠱᠠ ᠶᠢᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
010070230030000000000000011120791121425865