蒙古文网站Logo
ᠰᠢᠨᠬᠤᠸᠠ ᠮᠤᠩᠭ᠋ᠤᠯ ᠨᠧᠲ

ᠬᠤᠷᠴᠢᠨ ᠪᠠᠷᠠᠭᠤᠨ ᠭᠠᠷᠤᠨ ᠲᠤᠮᠲᠠᠲᠤ ᠬᠤᠰᠢᠭᠤᠨ ᠤ ᠭᠡᠷᠡᠯ ᠵᠢᠷᠤᠭ ᠤᠨ ᠦᠵᠡᠰᠬᠦᠯᠡᠩ ᠬᠦᠬᠡᠬᠤᠲᠠ ᠳ᠋ᠤ ᠲᠡᠯᠭᠡᠭᠲᠡᠯ᠎ᠡ

2017-08-03 12:09

    ᠰᠢᠨᠬᠤᠧᠠ ᠮᠤᠩᠭᠤᠯ ᠨᠧᠲ   ᠬᠦᠬᠡᠬᠤᠲᠠ ᠶᠢᠨ 8 ᠰᠠᠷ᠎ᠠ ᠶᠢᠨ 3 ᠤ ᠡᠲᠦᠷ ᠤᠨ ᠴᠠᠬᠢᠯᠭᠠᠨ ᠮᠡᠲᠡᠭᠡ ( ᠬ • ᠦᠵᠡᠰᠭᠦᠯᠡᠩ ) 3 ᠤ ᠡᠲᠦᠷ ᠤᠨ ᠦᠲᠡ ᠶᠢᠨ ᠡᠮᠦᠨ᠎ᠡ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠲᠠᠭᠰᠠᠨ 70 ᠵᠢᠯ ᠤᠨ ᠤᠢ ᠶᠢ ᠪᠡᠯᠭᠡᠯᠡᠬᠦ ᠪᠡᠷ ᠦᠪᠦᠷ ᠮᠤᠩᠭᠤᠯ ᠤᠨ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ  ᠬᠤᠷᠴᠢᠨ ᠪᠠᠷᠠᠭᠤᠨ ᠭᠠᠷᠤᠨ ᠲᠤᠮᠲᠠᠲᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠡᠴᠡ ᠰᠠᠨᠠᠭᠠᠴᠢᠯᠠᠵᠤ᠂ ᠬᠤᠷᠴᠢᠨ ᠪᠠᠷᠠᠭᠤᠨ ᠭᠠᠷᠤᠨ ᠲᠤᠮᠲᠠᠲᠤ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠵᠡᠷᠭᠡ ᠬᠠᠮᠢᠶ᠎ᠠ ᠲᠠᠢ ᠪᠠᠶᠢᠭᠤᠯᠤᠯᠭ᠎ᠠ ᠨᠢᠭᠡᠴᠡ ᠡᠴᠡ ᠵᠤᠬᠢᠶᠠᠨ ᠪᠠᠶᠢᠭᠤᠯᠤᠭᠰᠠᠨ ᠬᠤᠷᠴᠢᠨ ᠪᠠᠷᠠᠭᠤᠨ ᠭᠠᠷᠤᠨ ᠲᠤᠮᠲᠠᠲᠤ ᠬᠤᠰᠢᠭᠤᠨ ᠤ ᠭᠡᠷᠡᠯ ᠵᠢᠷᠤᠬ ᠤᠨ ᠦᠵᠡᠰᠬᠦᠯᠡᠩ ᠬᠦᠬᠡᠬᠤᠲᠠ ᠳ᠋ᠡᠬᠢ ᠦᠪᠦᠷ ᠮᠤᠩᠭᠤᠯ ᠤᠨ ᠤᠷᠠᠨ ᠵᠢᠷᠤᠭ ᠤᠨ ᠤᠷᠲᠤᠨ ᠳ᠋ᠤ ᠡᠬᠢᠯᠡᠨ ᠲᠡᠯᠭᠡᠭᠲᠡᠪᠡ᠃

    ᠤᠶᠢᠯᠠᠭᠠᠭᠰᠠᠨ ᠢᠶᠡᠷ ᠲᠤᠰ ᠤᠲᠠᠭᠠᠨ ᠤ ᠭᠡᠷᠡᠯ ᠵᠢᠷᠤᠭ ᠤᠨ ᠦᠵᠡᠰᠬᠦᠯᠡᠩ ᠳ᠋ᠤ ᠬᠤᠷᠴᠢᠨ ᠪᠠᠷᠠᠭᠤᠨ ᠭᠠᠷᠤᠨ ᠲᠤᠮᠲᠠᠲᠤ ᠬᠤᠰᠢᠭᠤᠨ ᠤ ᠦᠪᠡᠷᠮᠢᠴᠡ ᠤᠨᠴᠠᠯᠢᠭ ᠪᠦᠬᠦᠢ ᠦᠨᠳᠦᠰᠦᠲᠡᠨ ᠤ ᠵᠠᠩ ᠲᠠᠳᠬᠠᠯ᠂ ᠡᠲᠡᠭᠡᠳ ᠰᠠᠶᠢᠬᠠᠨ ᠪᠠᠶᠢᠭᠠᠯᠢ ᠶᠢᠨ ᠦᠵᠡᠮᠵᠢ᠂ ᠠᠷᠠᠳ ᠤᠨ ᠠᠮᠢᠲᠤᠷᠠᠯ ᠵᠡᠷᠭᠡ ᠰᠠᠯᠪᠤᠷᠢ ᠶᠢᠨ 120 ᠪᠦᠲᠦᠭᠡᠯ ᠲᠡᠯᠭᠡᠭᠲᠡᠵᠦ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠲᠠᠭᠰᠠᠨ ᠡᠴᠡ ᠨᠠᠰᠢᠬᠢ ᠬᠤᠷᠴᠢᠨ ᠪᠠᠷᠠᠭᠤᠨ ᠭᠠᠷᠤᠨ ᠲᠤᠮᠲᠠᠲᠤ ᠬᠤᠰᠢᠭᠤᠨ ᠤ ᠡᠯ᠎ᠡ ᠰᠠᠯᠪᠤᠷᠢ ᠳ᠋ᠡᠬᠢ ᠬᠦᠭᠵᠢᠯᠲᠠ ᠬᠤᠪᠢᠷᠠᠯᠲᠠ ᠶᠢ ᠬᠦᠢᠴᠡᠳ ᠬᠠᠷᠠᠭᠤᠯᠬᠤ ᠶᠢ ᠵᠤᠷᠢᠭᠰᠠᠨ ᠶᠤᠮ᠃ ᠡᠨᠡᠬᠦ ᠦᠵᠡᠰᠬᠦᠯᠡᠩ  8 ᠰᠠᠷ᠎ᠠ ᠶᠢᠨ 3 ᠤ ᠡᠲᠦᠷ ᠡᠴᠡ 5 ᠤ ᠡᠲᠦᠷ ᠪᠤᠯᠲᠠᠯ᠎ᠠ ᠶᠠᠪᠤᠭᠲᠠᠨ᠎ᠠ᠃

( ᠵᠢᠷᠤᠭ ᠢ ᠪᠠᠢ ᠵᠠᠨ ᠴᠢᠤᠧᠠᠨ᠂ ᠡᠷᠲᠡᠮᠲᠦ᠂ ᠪᠣᠤ ᠲᠢᠶᠠᠨ ᠶᠢᠩ᠂ ᠶᠦᠧᠧ ᠡᠷᠲᠡᠮᠲᠦ )

( ᠵᠢᠷᠤᠭ ᠢ ᠬ • ᠦᠵᠡᠰᠭᠦᠯᠡᠩ )

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121425936