蒙古文网站Logo
ᠰᠢᠨᠬᠤᠸᠠ ᠮᠤᠩᠭ᠋ᠤᠯ ᠨᠧᠲ

ᠬᠥᠯᠥᠨ ᠨᠠᠭᠤᠷ ᠤᠨ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠠᠵᠢᠯ ᠰᠢᠨ᠎ᠡ ᠠᠮᠵᠢᠯᠲᠠ ᠪᠦᠲᠦᠮᠵᠢ ᠣᠯᠪᠠ

2017-08-08 15:53

    ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠪᠠ ᠲᠥᠪ ᠤᠨ ᠲᠣᠭᠤᠷᠢᠨ ᠪᠠᠶᠢᠴᠠᠭᠠᠯᠲᠠ ᠶᠢᠨ 《ᠡᠷᠬᠢᠵᠤ ᠬᠠᠷᠠᠬᠤ》 ᠳ᠋ᠤ ᠲᠤᠰᠬᠠᠭᠰᠠᠨ ᠰᠠᠨᠠᠯ ᠳᠤ ᠬᠥᠯᠥᠨ ᠨᠠᠭᠤᠷ ᠤᠨ ᠠᠮᠢ ᠠᠬᠤᠶ ᠶᠢᠨ ᠣᠷᠴᠢᠨ ᠲᠣᠭᠤᠷᠢᠨ ᠲᠠᠢ ᠬᠤᠯᠪᠣᠭᠳᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠰᠡᠭᠦᠯᠴᠢ ᠶᠢᠨ ᠠᠵᠢᠯ ᠢ ᠲᠦᠯᠬᠢᠨ ᠠᠬᠢᠭᠤᠯᠵᠤ᠂ ᠬᠥᠯᠥᠨ ᠨᠠᠭᠤᠷ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠦᠨᠡᠨᠬᠦ ᠠᠬᠢᠭᠤᠯᠬᠤ ᠶᠢᠨ ᠲᠤᠰᠠᠳᠠ᠂ ᠦᠪᠦᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ ᠣᠷᠴᠢᠮᠬᠠᠨ ᠲᠤᠰᠬᠠᠶ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠥᠯᠥᠨ ᠨᠠᠭᠤᠷ ᠤᠨ ᠲᠦᠷᠦ ᠶᠢᠨ ᠵᠡᠷᠭᠡᠯᠡᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠰᠢᠮᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠵᠡᠢ᠃

    ᠡᠭᠦᠨ ᠠᠴᠠ ᠡᠮᠦᠨ᠎ᠡ᠂ ᠦᠪᠦᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ 《ᠬᠥᠯᠥᠨ ᠨᠠᠭᠤᠷ ᠤᠨ ᠲᠦᠷᠦ ᠶᠢᠨ ᠵᠡᠷᠭᠡᠯᠡᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠰᠢᠮᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ》 ᠢ᠋ ᠲᠤᠰᠬᠠᠶᠢᠯᠠᠨ ᠳᠠᠷᠤᠮᠠᠯᠯᠠᠨ ᠲᠠᠷᠬᠠᠭᠠᠭᠰᠠᠨ ᠤ ᠬᠠᠮᠲᠤ 《ᠬᠥᠯᠥᠨ ᠨᠠᠭᠤᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠶᠡᠷᠦᠩᠬᠡᠢ ᠵᠠᠰᠠᠯᠲᠠ ᠬᠠᠤᠯᠢ ᠬᠡᠷᠡᠭᠵᠢᠭᠦᠯᠬᠦ ᠲᠤᠰᠬᠠᠶ ᠰᠢᠮᠳᠠᠭᠤᠯᠤᠨ ᠪᠠᠶᠢᠴᠠᠭᠠᠬᠤ ᠠᠵᠢᠯ ᠤᠨ ᠲᠥᠰᠦᠯ》 ᠢ᠋ ᠲᠣᠭᠲᠠᠭᠠᠵᠤ᠂ ᠬᠥᠯᠥᠨ ᠨᠠᠭᠤᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠶᠡᠷᠦᠩᠬᠡᠢ ᠵᠠᠰᠠᠯᠲᠠ ᠶᠢᠨ ᠬᠠᠤᠯᠢ ᠬᠡᠷᠡᠭᠵᠢᠭᠦᠯᠦᠯᠲᠡ ᠶᠢᠨ ᠰᠢᠮᠳᠠᠭᠤᠯᠤᠨ ᠪᠠᠶᠢᠴᠠᠭᠠᠬᠤ ᠶᠠᠪᠤᠳᠠᠯ ᠢ ᠬᠥᠯᠥᠨ ᠨᠠᠭᠤᠷ ᠤᠨ ᠶᠡᠷᠦᠩᠬᠡᠢ ᠵᠠᠰᠠᠯᠲᠠ ᠶᠢ ᠲᠦᠯᠬᠢᠨ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠣᠷᠣᠰᠢᠵᠤ ᠪᠠᠶᠢᠭ᠎ᠠ ᠠᠰᠠᠭᠤᠳᠠᠯ ᠤᠳ ᠢ ᠳᠠᠬᠢᠨ ᠪᠠᠶᠢᠴᠠᠭᠠᠨ ᠡᠮᠬᠢᠯᠡᠵᠦ᠂ ᠬᠥᠯᠥᠨ ᠨᠠᠭᠤᠷ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠨᠳᠦᠰᠦᠨ ᠪᠠᠶᠢᠳᠠᠯ ᠢ ᠤᠯᠠᠮ ᠢᠯᠡᠭᠦᠦ ᠲᠣᠳᠣᠷᠬᠠᠶ ᠣᠶᠢᠯᠠᠭᠠᠵᠤ᠂ ᠴᠡᠭᠴᠡᠯᠡᠨ ᠰᠠᠶᠢᠵᠢᠷᠠᠭᠤᠯᠬᠤ ᠶᠢᠨ ᠨᠠᠶᠢᠳᠠᠪᠤᠷᠢᠵᠢᠭᠤᠯᠤᠯᠲᠠ ᠠᠵᠢᠯ ᠢ ᠬᠦᠴᠦᠲᠡᠶ ᠠᠳᠬᠤᠵᠤ᠂ ᠬᠥᠯᠥᠨ ᠨᠠᠭᠤᠷ ᠤᠨ ᠰᠠᠪᠠ ᠭᠠᠵᠠᠷ ᠤᠨ ᠬᠠᠮᠠᠭᠠᠯᠠᠯᠲᠠ ᠪᠣᠯᠣᠨ ᠵᠠᠰᠠᠯᠲᠠ ᠶᠢ ᠲᠦᠷᠭᠡᠨ ᠠᠬᠢᠭᠤᠯᠵᠤ᠂ ᠬᠥᠯᠥᠨ ᠨᠠᠭᠤᠷ ᠤᠨ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠴᠢᠷᠮᠠᠶᠢᠨ ᠰᠠᠶᠢᠵᠢᠷᠠᠭᠤᠯᠬᠤ ᠬᠡᠷᠡᠭᠲᠡᠢ ᠭᠡᠵᠦ ᠲᠣᠳᠣᠷᠬᠠᠶᠢᠯᠠᠪᠠ᠃

    ᠲᠤᠰ ᠤᠳᠠᠭᠠᠨ ᠤ ᠲᠤᠰᠬᠠᠶ ᠰᠢᠮᠳᠠᠭᠤᠯᠤᠨ ᠪᠠᠶᠢᠴᠠᠭᠠᠯᠲᠠ ᠨᠢ ᠭᠤᠣᠯᠳᠠᠭᠤ ᠮᠠᠲ᠋ᠧᠷᠢᠶᠠᠯ ᠢ ᠪᠠᠶᠢᠴᠠᠭᠠᠨ ᠦᠵᠡᠬᠦ᠂ ᠰᠠᠯᠠᠭ᠎ᠠ ᠮᠥᠴᠢᠷ ᠤᠳ ᠢ ᠰᠤᠷᠪᠤᠯᠵᠢᠯᠠᠬᠤ᠂ ᠲᠤᠬᠠᠶ ᠶᠢᠨ ᠭᠠᠵᠠᠷ ᠲᠤ ᠨᠢ ᠪᠠᠶᠢᠴᠠᠭᠠᠬᠤ᠂ ᠣᠷᠴᠢᠨ ᠲᠣᠭᠤᠷᠢᠨ ᠳᠤ ᠬᠢᠨᠠᠯᠲᠠ ᠬᠡᠮᠵᠢᠯᠲᠡ ᠬᠢᠬᠦ᠂ ᠪᠠᠷᠢᠯᠭ᠎ᠠ ᠶᠢ ᠦᠨᠡᠯᠡᠨ ᠵᠢᠱᠢᠬᠦ ᠵᠡᠷᠭᠡ ᠠᠷᠭ᠎ᠠ ᠶᠢ ᠠᠪᠴᠤ᠂ ᠬᠥᠯᠥᠨ ᠨᠠᠭᠤᠷ ᠵᠢᠴᠢ ᠲᠡᠭᠦᠨ ᠤ ᠭᠤᠣᠯ ᠤᠷᠤᠰᠬᠠᠯ ᠳᠠᠭᠠᠤ ᠶᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠠᠵᠤ ᠠᠬᠤᠶᠢᠯᠠᠯ ᠤᠨ ᠪᠠᠶᠢᠳᠠᠯ᠂ ᠬᠠᠶᠠᠭᠳᠠᠮᠠᠯ ᠤᠰᠤ ᠭᠠᠳᠠᠭᠰᠢᠯᠠᠭᠤᠯᠬᠤ ᠬᠤᠭᠤᠯᠠᠢ ᠶᠢᠨ ᠲᠤᠭ᠎ᠠ ᠬᠡᠮᠵᠢᠶ᠎ᠡ ᠪᠣᠯᠣᠨ ᠪᠠᠶᠢᠷᠢ ᠪᠠᠶᠢᠳᠠᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠶᠢᠨ ᠣᠷᠴᠢᠨ ᠲᠣᠭᠤᠷᠢᠨ ᠢ ᠬᠢᠨᠠᠨ ᠬᠠᠮᠢᠶᠠᠷᠬᠤ ᠬᠠᠤᠯᠢ ᠶᠢ ᠬᠡᠷᠡᠭᠵᠢᠭᠦᠯᠵᠦ ᠪᠠᠶᠢᠭ᠎ᠠ ᠪᠠᠶᠢᠳᠠᠯ᠂ ᠬᠥᠯᠥᠨ ᠨᠠᠭᠤᠷ ᠤᠨ ᠵᠠᠰᠠᠯᠲᠠ ᠶᠢᠨ ᠢᠨᠵᠧᠨᠧᠷᠢᠩ ᠤᠨ ᠠᠬᠢᠴᠠ ᠶᠢᠨ ᠪᠠᠶᠢᠳᠠᠯ ᠵᠡᠷᠭᠡ ᠶᠢ ᠭᠤᠣᠯᠳᠠᠯᠭ᠎ᠠ ᠲᠠᠢ ᠪᠠᠷ ᠬᠢᠨᠠᠨ ᠪᠠᠶᠢᠴᠠᠭᠠᠬᠤ ᠪᠣᠯᠣᠨ᠎ᠠ᠃

    ᠣᠶᠢᠯᠠᠭᠠᠭᠰᠠᠨ ᠢᠶᠠᠷ᠂ ᠠᠭᠤᠷ ᠠᠮᠢᠰᠬᠤᠯ ᠤᠨ ᠦᠷᠭᠦᠯᠵᠢᠯᠡᠨ ᠬᠠᠯᠠᠭᠤᠷᠠᠵᠤ ᠭᠠᠩᠳᠠᠬᠰᠠᠨ ᠨᠥᠯᠥᠭᠡ ᠠᠴᠠ ᠪᠣᠯᠵᠤ᠂ 2012 ᠣᠨ ᠳᠤ ᠬᠥᠯᠥᠨ ᠨᠠᠭᠤᠷ ᠤᠨ ᠭᠠᠳᠠᠷᠭᠤ ᠨᠢ ᠨᠢᠭᠡᠨ ᠦᠶ᠎ᠡ 1750 ᠺᠦᠸᠠᠳ᠋ ᠺᠢᠯᠣᠮᠧᠲ᠋ᠷ ᠪᠣᠯᠣᠨ ᠪᠠᠭᠠᠰᠴᠤ᠂ ᠤᠰᠤᠨ ᠤ ᠬᠠᠳᠠᠭᠠᠯᠠᠭᠳᠠᠴᠠ ᠨᠢ 138 ᠳ᠋ᠦᠩᠰᠢᠭᠤᠷ ᠺᠦᠪ ᠮᠸᠲ᠋ᠷ ᠪᠠᠶᠢᠭᠰᠠᠨ ᠠᠴᠠ ᠪᠠᠨ 45 ᠳ᠋ᠦᠩᠰᠢᠭᠤᠷ ᠺᠦᠪ ᠮᠸᠲ᠋ᠷ ᠪᠣᠯᠣᠨ ᠬᠤᠷᠣᠭᠳᠠᠵᠤ᠂ ᠶᠡᠭᠡ ᠬᠡᠪᠴᠢᠶᠡᠨ ᠤ ᠬᠤᠯᠤᠰᠤ ᠴᠢᠭᠢᠭ᠍ᠯᠢᠭ᠌ ᠭᠠᠵᠠᠷ ᠢᠶᠠᠨ ᠠᠯᠳᠠᠵᠤ ᠨᠠᠭᠤᠷ ᠤᠨ ᠤᠰᠤᠨ ᠤ ᠴᠢᠨᠠᠷ ᠨᠢ ᠮᠠᠭᠤᠳᠠᠪᠠ᠃ ᠰᠡᠭᠦᠯ ᠤᠨ ᠵᠢᠯ ᠤᠳ ᠲᠤ᠂ ᠦᠪᠦᠷ ᠮᠤᠡᠭᠭᠤᠯ ᠬᠥᠯᠥᠨ ᠨᠠᠭᠤᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠨ ᠵᠠᠰᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭ᠋ᠠᠷᠠᠭᠤᠯᠵᠤ᠂ ᠡᠯ᠎ᠡ ᠵᠦᠢᠯ ᠤᠨ ᠬᠠᠮᠢᠶᠠᠷᠤᠯᠲᠠ ᠶᠢᠨ ᠲᠦᠷᠢᠮ ᠢ ᠪᠦᠷᠢᠨᠰᠢᠭᠦᠯᠵᠦ᠂ ᠡᠬᠢ ᠪᠠᠶᠠᠯᠢᠭ ᠢ ᠬᠠᠮᠠᠭᠠᠯᠠᠨ ᠬᠠᠮᠢᠶᠠᠷᠬᠤ ᠠᠵᠢᠯ ᠤᠨ ᠰᠢᠨ᠎ᠡ ᠪᠠᠶᠢᠳᠠᠯ ᠢ ᠪᠣᠢ ᠪᠣᠯᠭᠠᠪᠠ᠃

    ᠣᠳᠣᠬᠠᠨ ᠳᠤ᠂ ᠬᠥᠯᠥᠨ ᠨᠠᠭᠤᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠦᠨᠡᠨᠬᠦ ᠪᠤᠲᠠᠲᠠᠢ ᠨᠠᠶᠢᠳᠠᠪᠤᠷᠢᠵᠢᠭᠤᠯᠤᠨ᠂ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠠᠵᠢᠯ ᠰᠢᠨ᠎ᠡ ᠠᠮᠵᠢᠯᠲᠠ ᠪᠦᠲᠦᠮᠵᠢ ᠣᠯᠪᠠ᠃ ᠵᠢᠭᠠᠰᠤᠨ ᠠᠵᠤ ᠠᠬᠤᠶ ᠶᠢᠨ ᠡᠬᠢ ᠪᠠᠶᠠᠯᠢᠭ ᠪᠦᠲᠦᠮᠵᠢᠲᠡᠶ ᠪᠠᠷ ᠰᠡᠷᠭᠦᠭᠡᠭ᠍ᠳᠡᠵᠦ᠂ ᠬᠥᠯᠥᠨ ᠨᠠᠭᠤᠷ ᠤᠨ ᠤᠰᠤᠨ ᠤ ᠠᠮᠢ ᠠᠬᠤᠶ ᠶᠢᠨ ᠣᠷᠴᠢᠨ ᠲᠤᠭᠤᠷᠢᠨ ᠢᠯᠡᠷᠬᠡᠶ ᠰᠠᠶᠢᠵᠢᠷᠠᠪᠠ᠃ 2017 ᠣᠨ ᠤ 7 ᠰᠠᠷ᠎ᠠ ᠪᠣᠯᠲᠠᠯ᠎ᠠ᠂ ᠬᠥᠯᠥᠨ ᠨᠠᠭᠤᠷ ᠤᠨ ᠤᠰᠤᠨ ᠲᠦᠪᠰᠢᠨ 543.17 ᠮᠧᠲ᠋ᠷ ᠲᠤ ᠬᠦᠷᠴᠦ᠂ ᠤᠰᠤᠨ ᠤ ᠲᠠᠯᠠᠪᠠᠶ ᠨᠢ 2051 ᠺᠦᠸᠠᠳ᠋ ᠺᠢᠯᠦᠮᠸᠲ᠋ᠷ ᠪᠣᠯᠣᠨ ᠥᠷᠭᠡᠳᠴᠦ᠂ ᠤᠯᠤᠰ ᠤᠨ ᠬᠥᠭ᠍ᠵᠢᠭᠦᠯᠦᠯᠲᠡ ᠥᠭᠡᠷᠡᠴᠢᠯᠡᠯᠲᠡ ᠶᠢᠨ ᠶᠠᠮᠤᠨ ᠠᠴᠠ ᠴᠣᠬᠤᠯᠠᠪᠤᠷᠢᠯᠠᠭᠰᠠᠨ 《ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠶ ᠪᠣᠯᠣᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠬᠡᠷᠡᠭᠵᠢᠭᠦᠯᠦᠯᠲᠡ ᠶᠢᠨ ᠲᠥᠰᠦᠯ》 ᠳ᠋ᠤ ᠲᠣᠭᠲᠠᠭᠠᠭᠰᠠᠨ ᠵᠣᠬᠢᠬᠤ ᠣᠷᠣᠨ ᠵᠠᠶ ᠳᠤ ᠲᠣᠭᠲᠠᠪᠤᠷᠢᠵᠢᠵᠤ᠂ ᠨᠠᠭᠤᠷ ᠤᠨ ᠤᠰᠤᠨ ᠤ ᠴᠢᠨᠠᠷ ᠨᠢ ᠴᠦ ᠢᠯᠡᠳᠲᠡ ᠰᠠᠶᠢᠵᠢᠷᠠᠵᠠᠢ᠃

ᠢᠷᠡᠯᠳᠡ᠄ ᠦᠪᠦᠷ ᠮᠣᠩᠭᠣᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121450681