蒙古文网站Logo
ᠰᠢᠨᠬᠤᠸᠠ ᠮᠤᠩᠭ᠋ᠤᠯ ᠨᠧᠲ

ᠵᠡᠬᠦᠨ ᠦᠵᠦᠮᠦᠴᠢᠨ ᠬᠤᠰᠢᠭᠤ ᠶᠠᠲᠠᠭᠤ ᠡᠴᠡ ᠠᠩᠬᠢᠷᠠᠭᠤᠯᠬᠤ ᠪᠤᠭᠤᠮᠲᠠ ᠰᠢᠪᠲᠤᠯᠬᠤ ᠠᠵᠢᠯ ᠢ ᠡᠷᠴᠢᠮ ᠲᠠᠢ ᠶᠠᠪᠤᠭᠤᠯᠵᠤ ᠪᠠᠶᠢᠨ᠎ᠠ

2017-09-01 12:03

    ᠰᠢᠨᠬᠤᠸᠠ ᠮᠣᠩᠭᠣᠯ ᠨᠸᠲ   ᠬᠦᠬᠡᠬᠤᠲᠠ ᠶᠢᠨ 9 ᠰᠠᠷ᠎ᠠ ᠶᠢᠨ 1 ᠤ ᠡᠳᠦᠷ ᠤᠨ ᠴᠠᠬᠢᠯᠭᠠᠨ ᠮᠡᠳᠡᠭᠡ ᠦᠪᠦᠷ ᠮᠤᠩᠭ᠋ᠤᠯ ᠤᠨ ᠵᠡᠬᠦᠨ ᠦᠵᠦᠮᠦᠴᠢᠨ ᠬᠤᠰᠢᠭᠤᠨ ᠤ ᠶᠠᠲᠠᠭᠤ ᠶᠢ ᠲᠡᠳᠬᠦᠬᠦ ᠠᠯᠪᠠᠨ ᠤᠨᠢᠨ ᠳᠡᠭᠡᠷ᠎ᠠ ᠨᠢ ᠶᠠᠲᠠᠭᠤ ᠶᠢ ᠲᠡᠳᠬᠦᠵᠦ᠂ ᠶᠠᠲᠠᠭᠤ ᠡᠴᠡ ᠠᠩᠭᠢᠵᠢᠷᠠᠭᠤᠯᠬᠤ ᠪᠤᠭᠤᠮᠲᠠ ᠰᠢᠪᠲᠤᠯᠬᠤ ᠪᠡᠷ 9098.99 ᠲᠦᠮᠡᠨ ᠲᠦᠭᠦᠷᠢᠭ᠌ ᠤᠨ ᠬᠦᠷᠦᠩᠭᠡ ᠤᠷᠤᠭᠤᠯᠵᠤ᠂ ᠮᠠᠯᠵᠢᠬᠤ ᠤᠷᠤᠨ ᠤ 766 ᠡᠷᠦᠬᠡ ᠶᠢᠨ 2878 ᠬᠦᠮᠦᠨ ᠢ ᠲᠤᠭᠲᠠᠪᠤᠷᠢᠲᠠᠢ ᠶᠠᠲᠠᠭᠤ ᠡᠴᠡ ᠠᠩᠭᠢᠵᠢᠷᠠᠭᠤᠯᠪᠠ᠃

    ᠶᠠᠲᠠᠭᠤ ᠶᠢ ᠲᠡᠳᠬᠦᠬᠦ ᠠᠯᠪᠠᠨ ᠤ ᠬᠢᠨ ᠲᠤᠬᠠᠢ ᠶᠢᠨ ᠭᠠᠵᠠᠷ ᠲᠤᠨᠢ ᠬᠦᠷᠴᠦ ᠪᠤᠲᠠᠲᠠᠢ ᠪᠠᠶᠢᠲᠠᠯ ᠢ ᠨᠢ ᠦᠨᠳᠦᠰᠦᠯᠡᠨ ᠠᠷᠭ᠎ᠠ ᠬᠡᠮᠵᠢᠶ᠎ᠠ ᠠᠪᠤᠪᠠ᠃ ᠠᠯᠲᠠᠨᠬᠢᠯᠢ ᠰᠤᠮᠤᠨ ᠤ ᠪᠠᠶᠠᠨ ᠬᠠᠩᠭ᠋ᠠᠢ ᠭᠠᠴᠠᠭᠠᠨ ᠤ ᠮᠠᠯᠴᠢᠨ ᠮᠦᠩᠬᠡᠴᠢᠯᠠᠭᠤ ᠶᠢᠨ ᠬᠢᠨ ᠳ᠋ᠤ ᠬᠤᠶᠠᠷ ᠲᠠᠰᠤᠯᠭ᠎ᠠ ᠲᠤᠬᠢᠯᠢᠭ ᠤᠷᠤᠨ ᠰᠠᠭᠤᠴᠠ᠂ ᠮᠠᠯ ᠤᠨ ᠫᠧᠩ ᠰᠠᠷᠠᠪᠴᠢ᠂ ᠨᠡᠭᠦᠲᠡᠯ ᠤᠲᠤᠷ ᠤᠨ ᠭᠡᠷ᠂ ᠲᠤᠮᠤ ᠬᠡᠯᠪᠡᠷᠢ ᠶᠢᠨ ᠤᠰᠤ ᠲᠠᠲᠠᠬᠤ ᠬᠤᠳᠲᠤᠭ ᠵᠡᠷᠭᠡ 25 ᠲᠦᠮᠡᠨ ᠲᠦᠭᠦᠷᠢᠭ᠌ ᠤᠨ ᠪᠦᠲᠦᠭᠡᠨ ᠪᠠᠶᠢᠭᠤᠯᠤᠯᠲᠠ ᠬᠢᠵᠦ ᠦᠭᠴᠡᠢ᠃ ᠡᠨᠡ ᠤᠨ ᠳ᠋ᠤ ᠪᠠᠰᠠ 119.7 ᠲᠦᠮᠡᠨ ᠲᠦᠭᠦᠷᠢᠭ᠌ ᠵᠠᠷᠤᠴᠠᠭᠤᠯᠤᠨ 19 ᠮᠠᠯᠴᠢᠨ ᠡᠷᠦᠬᠡ ᠳ᠋ᠤ ᠴᠢᠨᠠᠷ ᠰᠠᠶᠢᠨ᠂ ᠲᠤᠬᠢᠯᠢᠭ ᠤᠷᠤᠨ ᠰᠠᠭᠤᠴᠠ ᠪᠠᠷᠢᠵᠤ ᠦᠭ᠍ᠪᠡ᠃ ( ᠤ᠊ • ᠠᠷᠪᠢᠨᠪᠠᠶᠠᠷ ᠵᠢᠷᠤᠭᠯᠠᠨ ᠮᠡᠲᠡᠭᠡᠯᠡᠪᠡ )

ᠢᠷᠡᠯᠳᠡ᠄ ᠰᠢᠨᠬᠤᠸᠠ ᠮᠣᠩᠭᠣᠯ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121584865