蒙古文网站Logo
ᠰᠢᠨᠬᠤᠸᠠ ᠮᠤᠩᠭ᠋ᠤᠯ ᠨᠧᠲ

ᠲᠦᠪ ᠤᠨ ᠬᠡᠪᠯᠡᠯ ᠮᠡᠲᠡᠭᠡᠯᠡᠯ ᠤᠨ ᠬᠢᠨ ᠤ ᠲᠦᠷᠪᠡᠳ ᠮᠤᠩᠭᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠳ᠋ᠡᠬᠢ ᠰᠤᠷᠪᠤᠯᠵᠢᠯᠠᠭ᠎ᠠ ᠶᠢᠨ ᠠᠶᠠᠨ ᠡᠬᠢᠯᠡᠯ᠎ᠡ

2017-09-06 18:51

    ᠰᠢᠨᠬᠤᠧᠠ ᠮᠤᠩᠭᠤᠯ ᠨᠧᠲ ᠳ᠋ᠠᠴᠢᠩ ᠤᠨ 9 ᠰᠠᠷ᠎᠎ᠠ ᠶᠢᠨ 6 ᠤ ᠡᠲᠦᠷ ᠤᠨ ᠴᠠᠬᠢᠯᠭᠠᠨ ᠮᠡᠲᠡᠭᠡ (ᠬ • ᠦᠵᠡᠰᠭᠦᠯᠡᠩ) 6 ᠤ ᠡᠲᠦᠷ ᠤᠨ ᠦᠲᠡ ᠡᠴᠡ ᠡᠮᠦᠨ᠎ᠡ᠂ ᠬᠠᠷᠠᠮᠦ᠋ᠷᠡᠨ ᠮᠤᠵᠢ ᠶᠢᠨ ᠳ᠋ᠠᠴᠢᠩ ᠬᠤᠲᠠ ᠶᠢᠨ ᠲᠦᠷᠪᠡᠳ ᠮᠤᠩᠭᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠡᠴᠡ ᠰᠠᠨᠠᠭᠠᠴᠢᠯᠠᠵᠤ ᠵᠤᠬᠢᠶᠠᠨ ᠪᠠᠶᠢᠭᠤᠯᠤᠭᠰᠠᠨ ᠲᠦᠪ ᠤᠨ ᠬᠡᠪᠯᠡᠯ ᠮᠡᠲᠡᠭᠡᠯᠡᠯ ᠤᠨ ᠬᠢᠨ ᠤ ᠲᠦᠷᠪᠡᠳ ᠮᠤᠩᠭᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ  ᠳᠡᠬᠢ ᠰᠤᠷᠪᠤᠯᠵᠢᠯᠠᠭ᠎ᠠ ᠶᠢᠨ ᠠᠶᠠᠨ ᠲᠠᠶᠢᠺᠠᠩ ᠪᠠᠯᠭᠠᠰᠤᠨ ᠳ᠋ᠤ ᠪᠤᠯᠤᠯ᠎ᠠ᠃

    ᠰᠢᠨᠬᠤᠧᠠ ᠮᠤᠩᠭᠤᠯ ᠨᠧᠲ᠂ ᠲᠦᠪ ᠤᠨ ᠠᠷᠠᠳ ᠤᠨ ᠷᠠᠳᠢᠣ᠋ ᠨᠡᠪᠲᠡᠷᠡᠬᠦᠯᠭᠡ ᠶᠢᠨ ᠬᠤᠷᠢᠶ᠎᠎ᠠ᠂ ᠲᠤᠮᠲᠠᠲᠤ ᠤᠯᠤᠰ ᠤᠨ ᠤᠯᠠᠨ ᠤᠯᠤᠰ ᠤᠨ ᠷᠠᠳᠢᠣ᠋ ᠬᠤᠷᠢᠶ᠎᠎ᠠ᠂ ᠲᠦᠪ ᠲᠧᠯᠧᠢᠰ ᠤᠨ ᠮᠤᠩᠭᠤᠯ ᠰᠦᠯᠵᠢᠶ᠎ᠠ᠂ 《ᠲᠤᠮᠲᠠᠲᠤ ᠶᠢᠨ ᠦᠨᠳᠦᠰᠦᠲᠡᠨ》ᠰᠡᠳᠬᠦᠯ᠂《ᠦᠨᠳᠦᠰᠦᠲᠡᠨ ᠪ ᠵᠢᠷᠤᠭᠲᠤ ᠰᠡᠳᠬᠦᠯ》᠂《ᠲᠤᠮᠲᠠᠲᠤ ᠶᠢᠨ ᠦᠨᠳᠦᠰᠦᠲᠡᠨ》ᠰᠤᠨᠢᠨ ᠤ ᠰᠡᠳᠬᠦᠯᠴᠢᠳ ᠢᠶᠡᠷ ᠪᠦᠷᠢᠯᠲᠦᠭᠰᠡᠨ ᠲᠦᠪ ᠤᠨ ᠬᠡᠪᠯᠡᠯ ᠮᠡᠲᠡᠭᠡᠯᠡᠯ ᠤᠨ ᠬᠢᠨ ᠢᠷᠡᠬᠦ ᠬᠡᠲᠦᠨ ᠬᠤᠨᠤᠭ ᠲᠤ ᠲᠦᠷᠪᠡᠳ ᠮᠤᠩᠭᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠤ ᠰᠤᠶᠤᠯ ᠰᠤᠷᠭᠠᠨ ᠬᠦᠮᠦᠵᠢᠯ᠂ ᠡᠳ᠋ ᠤᠨ ᠵᠠᠰᠠᠭ ᠨᠡᠶᠢᠭᠡᠮ ᠤᠨ ᠬᠦᠭ᠍ᠵᠢᠯᠲᠠ ᠵᠡᠷᠭᠡ ᠰᠠᠯᠪᠤᠷᠢ ᠲᠠᠢ ᠲᠠᠨᠢᠯᠴᠠᠨ᠂ ᠲᠦᠷᠪᠡᠳ ᠮᠤᠩᠭᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠪᠠᠶᠢᠭᠤᠯᠤᠭᠲᠠᠭᠰᠠᠨ 60 ᠭᠠᠷᠤᠢ ᠵᠢᠯ ᠤᠨ ᠲᠤᠷᠰᠢᠬᠢ ᠬᠦᠭ᠍ᠵᠢᠯᠲᠠ ᠰᠢᠨᠡᠴᠢᠯᠡᠯᠲᠡ ᠶᠢ ᠲᠡᠯᠭᠡᠷᠡᠩᠬᠦᠢ ᠮᠡᠳᠡᠭᠡᠯᠡᠬᠦ ᠪᠤᠯᠤᠨ᠎ᠠ᠃

   

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120691121617570