蒙古文网站Logo
ᠰᠢᠨᠬᠤᠸᠠ ᠮᠤᠩᠭ᠋ᠤᠯ ᠨᠧᠲ

ᠡᠬᠢᠨ ᠤ ᠬᠠᠭᠠᠰ ᠵᠢᠯ ᠳ᠋ᠤ ᠬᠠᠷᠠᠮᠦ᠋ᠷᠡᠨ ᠮᠤᠵᠢ ᠶᠢᠨ ᠲᠠᠷᠢᠶᠠᠴᠢᠳ ᠤᠨ ᠠᠲᠠᠯ ᠦᠢᠯᠡᠰ ᠡᠷᠬᠢᠯᠡᠭᠰᠡᠨ ᠤᠷᠤᠯᠭ᠎ᠠ 230 ᠳ᠋ᠦᠩᠰᠢᠭᠤᠷ ᠲᠦᠭᠦᠷᠢᠭ᠌ ᠲᠤ ᠬᠦᠷᠪᠡ

2017-09-14 17:24

    ᠰᠢᠨᠬᠤᠧᠠ ᠬᠤᠷᠢᠶ᠎ᠠ   ᠬᠠᠷᠪᠢᠨ ᠤ 9 ᠰᠠᠷ᠎ᠠ ᠶᠢᠨ 14 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠶᠠᠩ ᠵᠸ ) ᠰᠤᠷᠪᠤᠯᠵᠢᠯᠠᠭᠴᠢ ᠬᠠᠷᠠᠮᠦ᠋ᠷᠡᠨ ᠮᠤᠵᠢ ᠶᠢᠨ ᠲᠠᠷᠢᠶᠠᠯᠠᠩ ᠤᠨ ᠵᠦᠪᠯᠡᠯ ᠡᠴᠡ ᠤᠶᠢᠯᠠᠭᠠᠭᠰᠠᠨ ᠢᠶᠡᠷ᠂ ᠲᠤᠰ ᠮᠤᠵᠢ ᠶᠢᠨ ᠡᠬᠢᠨ ᠤ ᠬᠠᠭᠠᠰ ᠵᠢᠯ ᠤᠨ ᠲᠠᠷᠢᠶᠠᠴᠢᠳ ᠤᠨ ᠠᠲᠠᠯ ᠦᠢᠯᠡᠰ ᠪᠤᠰᠬᠠᠭᠰᠠᠨ ᠬᠦᠮᠦᠨ ᠤ ᠲᠤᠭ᠎ᠠ 120 ᠲᠦᠮᠡ ᠳ᠋ᠤ ᠬᠦᠷᠴᠦ 266 ᠲᠦᠮᠡᠨ ᠲᠠᠷᠢᠶᠠᠴᠢᠳ ᠤᠨ ᠠᠵᠢᠯ ᠤᠯᠭᠤᠯᠲᠠ ᠶᠢ ᠲᠠᠶᠢᠴᠢᠯᠠᠵᠤ᠂ ᠴᠡᠪᠡᠷ ᠤᠷᠤᠯᠭ᠎ᠠ 230 ᠳ᠋ᠦᠩᠰᠢᠭᠤᠷ ᠲᠦᠭᠦᠷᠢᠭ᠌ ᠲᠤ ᠬᠦᠷᠪᠡ ᠭᠡᠵᠡᠢ᠃

    ᠬᠠᠷᠠᠮᠦ᠋ᠷᠡᠨ ᠮᠤᠵᠢ ᠪᠤᠯ ᠲᠠᠷᠢᠶᠠᠯᠠᠩ ᠤᠨ ᠲᠤᠮᠤ ᠮᠤᠵᠢ᠂ ᠲᠠᠷᠢᠶᠠᠴᠢᠳ ᠪᠤᠯ ᠲᠤᠰ ᠮᠤᠵᠢ ᠶᠢᠨ ᠠᠲᠠᠯ ᠦᠢᠯᠡᠰ ᠪᠤᠰᠬᠠᠬᠤ ᠶᠢᠨ ᠭᠤᠤᠯ ᠬᠦᠴᠦᠨ ᠤ ᠨᠢᠭᠡ ᠪᠤᠯᠤᠨ᠎ᠠ᠃ ᠬᠠᠷᠠᠮᠦ᠋ᠷᠡᠨ ᠮᠤᠵᠢ 《ᠵᠠᠭᠤᠨ ᠲᠦᠮᠡᠨ》ᠲᠠᠷᠢᠶᠠᠴᠢᠳ ᠤᠨ ᠠᠲᠠᠯ ᠦᠢᠯᠡᠰ ᠤᠨ ᠪᠤᠰᠬᠠᠬᠤ ᠪᠡᠷ ᠲᠠᠷᠢᠶᠠᠴᠢᠳ ᠤᠨ ᠠᠵᠢᠯ ᠤᠯᠭᠤᠯᠲᠠ ᠶᠢ ᠲᠠᠶᠢᠴᠢᠯᠠᠨ ᠤᠷᠤᠯᠭ᠎ᠠ ᠶᠢ ᠨᠢ ᠨᠡᠮᠡᠭᠲᠡᠬᠦᠯᠵᠦ ᠲᠠᠷᠢᠶᠠᠯᠠᠩ ᠬᠦᠲᠡᠭᠡ ᠲᠤᠰᠬᠤᠨ ᠤ ᠡᠳ᠋ ᠤᠨ ᠵᠠᠰᠠᠭ ᠤᠨ ᠬᠦᠭ᠍ᠵᠢᠯᠲᠠ ᠶᠢ ᠠᠬᠢᠭᠤᠯᠤᠨ᠎ᠠ᠃ 2016 ᠤᠨ ᠳ᠋ᠤ ᠬᠠᠷᠠᠮᠦ᠋ᠷᠡᠨ ᠮᠤᠵᠢ ᠶᠢᠨ ᠲᠠᠷᠢᠶᠠᠴᠢᠳ ᠤᠨ ᠬᠦᠮᠦᠨ ᠲᠤᠮᠲᠠᠴᠢ ᠶᠢᠨ ᠡᠵᠡᠮᠲᠡᠵᠦ ᠪᠦᠬᠦᠢ ᠤᠷᠤᠯᠭ᠎ᠠ 11832 ᠲᠦᠭᠦᠷᠢᠭ᠌ ᠪᠤᠯᠵᠤ ᠠᠳᠠᠯᠢ ᠬᠤᠭᠤᠴᠠᠭᠠᠨ ᠤ ᠬᠢ ᠡᠴᠡ 6.6ᠪᠡᠷ ᠨᠡᠮᠡᠭᠲᠡᠪᠡ᠂ ᠦᠩᠭᠡᠷᠡᠭᠰᠡᠨ ᠤᠨ ᠤ ᠲᠠᠷᠢᠶᠠᠯᠠᠩ ᠤᠨ ᠨᠡᠮᠡᠭᠲᠡᠯ ᠦᠷᠲᠡᠭ ᠨᠢ ᠲᠤᠰ ᠮᠤᠵᠢ ᠶᠢᠨ ᠤᠯᠤᠰ ᠠᠷᠠᠳ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ 17.4ᠶ᠋ᠢ ᠡᠵᠡᠯᠡᠪᠡ᠃

    ᠡᠭᠦᠨ ᠡᠴᠡ ᠭᠠᠲᠠᠨ᠎ᠠ ᠬᠠᠷᠠᠮᠦ᠋ᠷᠡᠨ ᠮᠤᠵᠢ ᠲᠠᠷᠢᠶᠠᠯᠠᠩ ᠤᠨ ᠲᠠᠪᠠᠭᠤᠯᠢᠭ ᠡᠬᠢ ᠪᠠᠶᠠᠯᠢᠭ ᠪᠠ ᠠᠵᠤ ᠦᠢᠯᠡᠰ ᠲᠡᠭᠡᠨ ᠰᠠᠭᠤᠷᠢᠯᠠᠵᠤ᠂ ᠭᠠᠵᠠᠷ ᠰᠢᠷᠤᠢ᠂ ᠬᠦᠷᠦᠩᠭᠡ ᠮᠦᠩᠬᠦ᠂ ᠮᠡᠷᠭᠡᠵᠢᠯ ᠵᠡᠷᠭᠡ ᠦᠢᠯᠡᠳᠪᠦᠷᠢᠯᠡᠯ ᠤᠨ ᠡᠯᠸᠮᠸᠨ᠋ᠲ ᠲᠤ ᠲᠦᠰᠢᠭᠯᠡᠨ ᠠᠵᠤ ᠦᠢᠯᠡᠰ ᠤᠨ ᠬᠡᠯᠬᠢᠶᠡᠵᠢᠯ ᠢᠶᠡᠨ ᠤᠷᠳᠤᠳᠬᠠᠵᠦ᠂ ᠦᠷᠲᠡᠭ ᠢ ᠨᠢ ᠲᠡᠭᠡᠭ᠍ᠰᠢᠯᠡᠬᠦᠯᠵᠦ᠂ ᠲᠠᠷᠢᠶᠠᠯᠠᠩ ᠤᠨ ᠬᠡᠪᠴᠢᠶᠠᠵᠢᠯ᠂ ᠮᠧᠬᠠᠨᠢᠭᠵᠢᠯᠲᠠ᠂ ᠪᠠᠷᠢᠮᠵᠢᠶᠠᠵᠢᠭᠤᠯᠤᠯᠲᠠ᠂ ᠰᠢᠨᠵᠢᠯᠡᠬᠦ ᠤᠬᠠᠭᠠᠨ ᠲᠧ᠍ᠭ᠍ᠨᠤᠯᠤᠬᠢ ᠪᠠ ᠠᠵᠤ ᠦᠢᠯᠡᠰᠵᠢᠯᠲᠡ ᠶᠢᠨ ᠲᠦᠪᠰᠢᠨ ᠢ ᠲᠡᠭᠡᠭ᠍ᠰᠢᠯᠡᠬᠦᠯᠵᠦ ᠪᠤᠢ᠃

    ᠬᠠᠷᠠᠮᠦ᠋ᠷᠡᠨ ᠮᠤᠵᠢ ᠶᠢᠨ ᠲᠠᠷᠢᠶᠠᠯᠠᠩ ᠤᠨ ᠵᠦᠪᠯᠡᠯ ᠤᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠡᠷ᠂ ᠲᠠᠷᠠᠭᠠᠴᠢ ᠪᠡᠷ ᠬᠠᠷᠠᠮᠦ᠋ᠷᠡᠨ ᠮᠤᠵᠢ ᠨᠡᠶᠢᠲᠡᠯᠢᠭ ᠵᠢᠱᠢᠶ᠎ᠠ ᠶᠢ ᠤᠬᠠᠭᠤᠯᠤᠨ ᠰᠤᠷᠲᠠᠯᠴᠢᠯᠠᠬᠤ᠂ ᠪᠤᠯᠪᠠᠰᠤᠷᠠᠯ ᠬᠦᠷᠲᠡᠭᠡᠬᠦ᠂ ᠴᠢᠨᠠᠷ ᠰᠠᠶᠢᠲᠠᠢ ᠤᠷᠴᠢᠨ ᠬᠠᠩᠭ᠋ᠠᠬᠤ ᠵᠡᠷᠭᠡ ᠪᠡᠷ ᠲᠠᠷᠢᠶᠠᠴᠢᠳ ᠤᠨ ᠠᠳᠠᠯ ᠦᠢᠯᠡᠰ ᠪᠤᠰᠬᠠᠬᠤ ᠶᠢ ᠠᠬᠢᠭᠤᠯᠤᠨ᠎ᠠ ᠭᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120791121665055