蒙古文网站Logo
ᠰᠢᠨᠬᠤᠸᠠ ᠮᠤᠩᠭ᠋ᠤᠯ ᠨᠧᠲ

ᠮᠠᠯᠴᠢᠨ ᠠᠷᠠᠳ ᠢ ᠪᠠᠶᠠᠰᠬᠠᠬᠰᠠᠨ ᠨᠤᠮ ᠤᠩᠰᠢᠯᠭ᠎ᠠ ᠶᠢᠨ ᠮᠡᠳᠡᠯᠬᠡ ᠶᠢᠨ ᠮᠦᠷᠦᠶᠢᠴᠡᠬᠡᠨ

2017-09-25 16:52

    ᠮᠠᠯᠴᠢᠳ ᠤᠨ ᠮᠡᠳᠡᠯᠭᠡ ᠮᠡᠳᠡᠴᠡ ᠶᠢ ᠳᠡᠭᠡᠭ᠍ᠰᠢᠯᠡᠬᠦᠯᠬᠦ ᠶᠢᠨ ᠵᠡᠷᠭᠡᠴᠡᠭᠡ ᠢᠯᠡᠭᠦᠬᠡᠨ ᠨᠤᠮ ᠤᠩᠰᠢᠬᠤ᠂ ᠰᠠᠶᠢᠨ ᠨᠤᠮ ᠢᠯᠡᠭᠦᠤ ᠤᠩᠰᠢᠬᠤ ᠶᠢ ᠳᠠᠶᠢᠴᠢᠯᠡᠬᠤ ᠶᠢᠨ ᠲᠤᠰᠠᠲᠠ 9 ᠰᠠᠷ᠎ᠠ ᠶᠢᠨ 22 ᠤᠨ ᠦᠳᠡ ᠡᠴᠡ ᠡᠮᠦᠨ᠎ᠠ᠂ ᠠᠯᠠᠱᠠ ᠠᠶᠢᠮᠠᠭ ᠤᠨ ᠨᠤᠮ ᠤᠨ ᠰᠠᠩ᠂ ᠠᠯᠠᠱᠠ ᠵᠡᠬᠦᠨ ᠬᠤᠰᠢᠭᠤᠨ ᠤ ᠨᠤᠮ ᠤᠨ ᠰᠠᠩ᠂ ᠠᠯᠠᠱᠠ ᠵᠡᠬᠦᠨ ᠬᠤᠰᠢᠭᠤᠨ ᠤ ᠤᠯᠠᠨᠪᠤᠯᠠᠭ ᠪᠠᠯᠭᠠᠰᠤᠨ ᠤ ᠰᠤᠶᠤᠯ ᠤᠨ ᠥᠷᠲᠡᠭᠡ᠂ ᠳᠦᠬᠦᠮ ᠭᠠᠴᠠᠭᠠᠨ ᠤ ᠨᠠᠮ ᠤᠨ ᠡᠬᠦᠷ ᠪᠤᠯᠤᠨ 《ᠪᠦᠷᠢᠨ ᠬᠡᠷᠡᠯᠲᠤ》ᠨᠤᠮ ᠤᠨ ᠥᠷᠥᠬᠡ ᠬᠤᠯᠪᠤᠭᠠᠯᠠᠨ ᠠᠯᠠᠱᠠ ᠵᠡᠬᠦᠨ ᠬᠤᠰᠢᠭᠤᠨ ᠤ ᠤᠯᠠᠨᠪᠤᠯᠠᠭ ᠪᠠᠯᠭᠠᠰᠤᠨ ᠤ ᠳᠦᠬᠦᠮ ᠭᠠᠴᠠᠭᠠᠨ ᠳᠤ《ᠤᠯᠤᠰ ᠤᠨ ᠪᠠᠶᠠᠷ ᠪᠠ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠢ ᠤᠭᠲᠤᠬᠤ》ᠨᠤᠮ ᠤᠩᠰᠢᠯᠭ᠎ᠠ ᠶᠢᠨ ᠮᠡᠳᠡᠯᠬᠡ ᠶᠢᠨ ᠮᠦᠷᠦᠶᠢᠴᠡᠭᠡᠨ ᠵᠣᠬᠢᠶᠠᠨ ᠪᠠᠶᠢᠭᠤᠯᠪᠠ᠃ ᠭᠠᠴᠠᠭᠠᠨ ᠤ 100 ᠭᠠᠷᠤᠢ ᠮᠠᠯᠴᠢᠳ ᠲᠡᠮᠡᠴᠡᠭᠡᠨ ᠳᠤ ᠢᠳᠡᠪᠬᠢᠲᠠᠢ ᠤᠷᠤᠯᠴᠬᠰᠠᠨ ᠪᠠᠶᠢᠨ᠎ᠠ᠃

    ᠮᠡᠳᠡᠯᠬᠡ ᠶᠢᠨ ᠮᠦᠷᠦᠶᠢᠴᠡᠭᠡᠨ ᠤ ᠰᠡᠳᠦᠪ ᠤᠨ ᠬᠦᠷᠢᠶᠠᠨ ᠳᠤ᠂ ᠮᠠᠯᠴᠢᠨ ᠲᠠᠷᠢᠶᠠᠴᠢᠳ ᠤᠨ ᠠᠮᠢᠳᠤᠷᠠᠯ ᠥᠢᠯᠡᠳᠪᠤᠷᠢᠯᠡᠯ ᠤᠨ ᠬᠢᠨᠢ ᠲᠤᠬᠠᠢ ᠶᠡᠷᠦ ᠶᠢᠨ ᠮᠡᠳᠡᠯᠭᠡ ᠵᠢᠴᠢ ᠨᠠᠮ ᠤᠨ ᠦᠨᠳᠦᠰᠦᠨ ᠮᠡᠳᠡᠯᠬᠡ᠂ ᠤᠯᠤᠰ ᠲᠦᠷᠦ᠂ ᠬᠦᠮᠦᠨᠯᠢᠭ᠂ ᠭᠠᠵᠠᠷ ᠵᠦᠢ᠂ ᠵᠠᠩ ᠥᠢᠯᠡ᠂ ᠨᠡᠭᠦᠳᠡᠯ ᠰᠤᠶᠤᠯ ᠵᠡᠷᠭᠡ ᠠᠭᠤᠯᠭ᠎ᠠ ᠶᠢ ᠬᠠᠮᠤᠷᠤᠭᠰᠠᠨ ᠪᠠᠶᠢᠨ᠎ᠠ᠃

ᠢᠷᠡᠯᠳᠡ᠄ ᠰᠢᠨᠬᠤᠧᠠ ᠮᠣᠩ᠋ᠭᠤᠯ ᠨᠧᠲ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011100001121721446