蒙古文网站Logo
ᠰᠢᠨᠬᠤᠸᠠ ᠮᠤᠩᠭ᠋ᠤᠯ ᠨᠧᠲ

ᠬᠤᠶᠠᠲᠤᠭᠠᠷ ᠬᠤᠭᠤᠴᠠᠭᠠᠨ ᠤ ᠲᠦᠩᠯᠢᠶᠤᠤ᠍᠍ • ᠤᠲᠠᠨᠲᠠᠯ᠎ᠠ ᠶᠢᠨ ᠤᠯᠠᠨ ᠤᠯᠤᠰ ᠤᠨ ᠪᠠᠲᠤᠴᠠᠭᠠᠨ ᠤ ᠨᠠᠶᠢᠷ 10 ᠰᠠᠷ᠎ᠠ ᠶᠢᠨ 15 ᠤ ᠡᠲᠦᠷ ᠡᠴᠡ ᠡᠬᠢᠯᠡᠨ᠎ᠡ

2017-09-25 17:25

    ᠰᠢᠨᠬᠤᠧᠠ ᠮᠤᠩᠭ᠋᠋ᠤᠯ ᠨᠧᠲ  ᠬᠦᠬᠡᠬᠤᠲᠠ ᠶᠢᠨ 9 ᠰᠠᠷ᠎ᠠ ᠶᠢᠨ 25 ᠤ ᠡᠲᠦᠷ ᠤᠨ ᠴᠠᠬᠢᠯᠭᠠᠨ ᠮᠡᠲᠡᠭᠡ ( ᠬ • ᠦᠵᠡᠰᠬᠦᠯᠡᠩ ) 24 ᠤ ᠡᠲᠦᠷ ᠬᠦᠬᠡᠬᠤᠲᠠ ᠳ᠋ᠤ ᠪᠤᠯᠤᠭᠰᠠᠨ 《ᠬᠤᠶᠠᠲᠤᠭᠠᠷ ᠬᠤᠭᠤᠴᠠᠭᠠᠨ ᠤ ᠲᠦᠩᠯᠢᠶᠤᠤ᠍᠍ • ᠤᠲᠠᠨᠲᠠᠯ᠎ᠠ ᠶᠢᠨ ᠤᠯᠠᠨ ᠤᠯᠤᠰ ᠤᠨ ᠪᠠᠲᠤᠴᠠᠭᠠᠨ ᠤ ᠨᠠᠶᠢᠷ》 ᠤ᠋ᠨ ᠬᠡᠪᠯᠡᠯ ᠮᠡᠲᠡᠭᠡᠯᠡᠯ ᠤᠨ ᠪᠠᠭ᠎ᠠ ᠬᠤᠷᠠᠯ ᠡᠴᠡ ᠤᠶᠢᠯᠠᠭᠠᠭᠰᠠᠨ ᠢᠶᠡᠷ᠂ ᠬᠤᠶᠠᠲᠤᠭᠠᠷ ᠬᠤᠭᠤᠴᠠᠭᠠᠨ ᠤ ᠲᠦᠩᠯᠢᠶᠤᠤ᠍᠍ • ᠤᠲᠠᠨᠲᠠᠯ᠎ᠠ ᠶᠢᠨ ᠲᠡᠯᠡᠬᠡᠢ ᠶᠢᠨ ᠪᠠᠲᠤᠴᠠᠭᠠᠨ ᠤ ᠨᠠᠶᠢᠷ 10 ᠰᠠᠷ᠎ᠠ ᠶᠢᠨ 15 ᠤ ᠡᠲᠦᠷ ᠡᠴᠡ 17 ᠤ ᠡᠲᠦᠷ ᠪᠤᠯᠲᠠᠯ᠎ᠠ ᠲᠦᠩᠯᠢᠶᠤᠤ ᠬᠤᠲᠠ ᠶᠢᠨ ᠬᠤᠷᠴᠢᠨ ᠵᠡᠬᠦᠨ ᠭᠠᠷᠤᠨ ᠬᠤᠶᠢᠲᠤ ᠬᠤᠰᠢᠭᠤᠨ ᠤ ᠤᠲᠠᠨᠲᠠᠯ᠎ᠠ ᠶᠢᠨ ᠪᠠᠲᠤᠴᠠᠭᠠᠨ ᠤ ᠴᠡᠴᠡᠷᠯᠢᠭ᠌᠌᠌ ᠲᠤ ᠶᠠᠪᠤᠭᠲᠠᠬᠤ ᠪᠡᠷ ᠪᠠᠶᠢᠨ᠎ᠠ᠃ ᠨᠠᠶᠢᠷ ᠤᠨ ᠦᠶ᠎ᠠ ᠪᠡᠷ ᠤᠷᠠᠨ ᠰᠠᠶᠢᠬᠠᠨ ᠤ ᠲᠤᠭᠯᠠᠯᠲᠠ᠂ ᠪᠠᠲᠤᠴᠠᠭᠠᠨ ᠤ ᠤᠢ ᠪᠡᠷ ᠠᠶᠠᠯᠠᠨ ᠵᠤᠷᠴᠢᠬᠤ᠂ ᠠᠷᠠᠳ ᠤᠨ ᠲᠠᠭᠤᠨ ᠤ ᠲᠤᠭᠯᠠᠯᠲᠠ᠂ ᠤᠯᠠᠨ ᠤᠯᠤᠰ ᠤᠨ ᠪᠦᠭᠡ ᠶᠢᠨ ᠲᠡᠮᠡᠴᠡᠭᠡᠨ᠂ ᠬᠤᠷᠢᠮ ᠤᠨ ᠶᠤᠰᠤᠯᠠᠯ ᠵᠡᠷᠭᠡ ᠪᠠᠶᠠᠯᠢᠭ ᠠᠭᠤᠯᠭ᠎ᠠ ᠲᠠᠢ ᠠᠵᠢᠯᠯᠠᠭ᠎ᠠ ᠲᠤᠬᠢᠷᠠᠭᠤᠯᠪᠠ᠃

    ᠤᠶᠢᠯᠠᠭᠠᠭᠰᠠᠨ ᠢᠶᠡᠷ᠂ ᠬᠤᠷᠴᠢᠨ ᠵᠡᠬᠦᠨ ᠭᠠᠷᠤᠨ ᠬᠤᠶᠢᠲᠤ ᠬᠤᠰᠢᠭᠤ ᠠᠶᠠᠯᠠᠯ ᠵᠢᠭᠤᠯᠴᠢᠯᠠᠯ ᠤᠨ ᠤᠨᠴᠠᠯᠢᠭᠲᠤ ᠡᠬᠢ ᠪᠠᠶᠠᠯᠢᠭ ᠲᠠᠭᠠᠨ ᠲᠦᠰᠢᠭᠯᠡᠨ 《 ᠠᠶᠠᠯᠠᠯ ᠵᠢᠭᠤᠯᠴᠢᠯᠠᠯ + ᠰᠤᠶᠤᠯ》 ᠬᠦᠭ᠍ᠵᠢᠯᠲᠠ ᠶᠢᠨ ᠰᠲ᠋ᠷᠠᠲ᠋ᠧᠭᠢ ᠶᠢ ᠬᠡᠷᠡᠭᠵᠢᠬᠦᠯᠵᠦ᠂ ᠤᠷᠤᠨ ᠨᠤᠲᠤᠭ ᠤᠨ ᠬᠦᠮᠦᠨᠯᠢᠭ᠌᠌᠌ ᠤᠨ ᠰᠤᠶᠤᠯ ᠳ᠋ᠤ ᠰᠠᠭᠤᠷᠢᠯᠠᠨ᠂ ᠵᠢᠭᠤᠯᠴᠢᠯᠠᠨ ᠰᠡᠯᠡᠬᠦᠴᠡᠬᠦ᠂ ᠦᠨᠳᠦᠰᠦᠲᠡᠨ ᠤ ᠤᠨᠴᠠᠯᠢᠭᠲᠤ ᠪᠠᠷᠠᠭ᠎ᠠ ᠪᠦᠲᠦᠭᠡᠭ᠍ᠲᠡᠬᠦᠨ ᠵᠡᠷᠭᠡ ᠮᠤᠩᠭ᠋᠋ᠤᠯ ᠤᠨᠴᠠᠯᠢᠭ ᠲᠠᠢ ᠠᠶᠠᠯᠠᠯ ᠵᠢᠭᠤᠯᠴᠢᠯᠠᠯ ᠤᠨ ᠰᠤᠶᠤᠯ ᠤᠨ ᠪᠷᠧᠨ᠋ᠳ᠋ ᠢ ᠡᠭᠦᠳᠴᠦ《ᠠᠶᠠᠯᠠᠯ ᠵᠢᠭᠤᠯᠴᠢᠯᠠᠯ ᠤᠨ ᠲᠤᠮᠤ ᠬᠤᠰᠢᠭᠤ》ᠪᠤᠯᠬᠤ ᠪᠡᠷ ᠴᠢᠷᠮᠠᠶᠢᠵᠤ ᠪᠠᠶᠢᠨ᠎ᠠ᠃

    ᠬᠤᠷᠴᠢᠨ ᠵᠡᠬᠦᠨ ᠭᠠᠷᠤᠨ ᠬᠤᠶᠢᠲᠤ ᠬᠤᠰᠢᠭᠤᠨ ᠤ ᠲᠡᠳ᠋ ᠲᠠᠷᠤᠭ᠎ᠠ ᠺᠠᠩ ᠰᠢᠶᠤᠤ ᠳ᠋ᠦᠩ ᠤᠨ ᠲᠠᠨᠢᠯᠴᠠᠭᠤᠯᠤᠭᠰᠠᠨ ᠢᠶᠡᠷ᠂ ᠦᠩᠭᠡᠷᠡᠭᠰᠡᠨ ᠤᠨ ᠳ᠋ᠤ ᠬᠤᠷᠴᠢᠨ ᠵᠡᠬᠦᠨ ᠭᠠᠷᠤᠨ ᠬᠤᠶᠢᠲᠤ ᠬᠤᠰᠢᠭᠤ ᠲᠠᠪᠬᠤᠷᠲᠠᠭᠰᠠᠨ ᠲᠤᠭ᠎ᠠ ᠪᠡᠷ 130 ᠲᠦᠮᠡᠨ ᠵᠢᠭᠤᠯᠴᠢᠳ ᠢ ᠬᠦᠯᠢᠶᠡᠨ ᠠᠪᠴᠤ᠂ ᠠᠶᠠᠯᠠᠯ ᠵᠢᠭᠤᠯᠴᠢᠯᠠᠯ ᠤᠨ ᠨᠢᠭᠡᠳᠭᠡᠭ᠍ᠰᠡᠨ ᠤᠷᠤᠯᠭ᠎ᠠ 11 ᠳ᠋ᠦᠩᠰᠢᠭᠤᠷ ᠲᠦᠭᠦᠷᠢᠭ᠌ ᠲᠤ ᠬᠦᠷᠪᠡ᠃ ᠡᠨᠡ ᠤᠨ ᠳ᠋ᠤ ᠬᠤᠷᠴᠢᠨ ᠵᠡᠬᠦᠨ ᠭᠠᠷᠤᠨ ᠬᠤᠶᠢᠲᠤ ᠬᠤᠰᠢᠭᠤ 《ᠬᠤᠶᠠᠲᠤᠭᠠᠷ ᠬᠤᠭᠤᠴᠠᠭᠠᠨ ᠤ ᠲᠦᠩᠯᠢᠶᠤᠤ᠍᠍ • ᠤᠲᠠᠨᠲᠠᠯ᠎ᠠ ᠶᠢᠨ ᠪᠠᠲᠤᠴᠠᠭᠠᠨ ᠤ ᠨᠠᠶᠢᠷ》 ᠵᠡᠷᠭᠡ ᠠᠵᠢᠯᠯᠠᠭ᠎ᠠ ᠪᠡᠷ ᠲᠤᠬᠢᠶᠠᠯ ᠪᠤᠯᠭᠠᠵᠤ《ᠦᠷᠯᠦᠭ ᠪᠠᠭᠠᠲᠤᠷ ᠤᠨ ᠮᠤᠷᠢᠨ ᠳ᠋ᠠᠭᠠᠨ ᠮᠤᠷᠲᠠᠭᠰᠠᠨ ᠨᠤᠲᠤᠭ》ᠬᠡᠮᠡᠬᠦ ᠬᠤᠰᠢᠭᠤ ᠨᠡᠷ᠎ᠡ ᠶᠢᠨ ᠬᠠᠭᠤᠲᠠᠰᠤ ᠪᠠᠨ ᠤᠯᠠᠮ ᠲᠠᠭᠤᠷᠢᠰᠤᠭᠤᠯᠬᠤ ᠪᠡᠷ ᠴᠢᠷᠮᠠᠶᠢᠬᠤ ᠪᠤᠯᠤᠨ᠎ᠠ ᠭᠡᠵᠡᠢ᠃

    ᠤᠲᠠᠨᠲᠠᠯ᠎ᠠ ᠶᠢᠨ ᠪᠠᠲᠤᠴᠠᠭᠠᠨ ᠤ ᠴᠡᠴᠡᠷᠯᠢᠭ᠌᠌ ᠨᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠲᠦᠪ ᠭᠠᠨᠵᠤᠭ᠎ᠠ ᠪᠠᠯᠭᠠᠰᠤᠨ ᠡᠴᠡ 55 ᠺᠢᠯᠤᠮᠧᠲ᠋ᠷ ᠤᠨ ᠵᠠᠶᠢᠲᠠᠢ ᠲᠦᠩᠯᠢᠶᠤᠤ ᠬᠤᠲᠠ ᠶᠢᠨ ᠵᠡᠭᠦᠨ ᠡᠮᠦᠨ᠎ᠡ ᠪᠦᠰᠡ ᠶᠢᠨ ᠬᠤᠷᠴᠢᠨ ᠤ ᠡᠯᠡᠰᠦᠷᠬᠡᠭ᠌ ᠭᠠᠵᠠᠷ ᠤᠨ ᠦᠷᠦᠴᠡᠨ ᠳ᠋ᠤ ᠪᠠᠶᠢᠷᠢᠯᠠᠳᠠᠬ᠃ ᠨᠡᠶᠢᠲᠡ ᠲᠠᠯᠠᠪᠠᠢ ᠨᠢ 10.5 ᠲᠦᠮᠡᠨ ᠮᠦ᠂ ᠡᠭᠦᠨ ᠳ᠋ᠤ ᠤᠶᠢᠲᠤ ᠭᠠᠵᠠᠷ ᠤᠨ ᠲᠠᠯᠠᠪᠠᠢ 9.3 ᠲᠦᠮᠡᠨ ᠮᠦ ᠪᠤᠢ᠃ ᠤᠢ ᠶᠢᠨ ᠬᠠᠮᠠᠭᠠᠯᠠᠯᠲᠠ ᠶᠢᠨ ᠪᠦᠰᠡ ᠳ᠋ᠤ ᠪᠠᠲᠤᠴᠠᠭᠠᠨ ᠢᠶᠡᠷ ᠭᠤᠤᠯᠯᠠᠭᠰᠠᠨ ᠤᠷᠭᠤᠮᠠᠯ ᠤᠨ ᠲᠦᠷᠦᠯ 56 ᠠᠩᠬᠢ 191 ᠪᠠᠭ 333 ᠢᠵᠠᠭᠤᠷ ᠪᠤᠢ᠃ ᠡᠲᠡᠭᠡᠷ ᠪᠠᠲᠤᠴᠠᠭᠠᠨ 50 – 500 ᠵᠢᠯ ᠪᠤᠯᠵᠤ ᠪᠠᠶᠢᠭ᠎ᠠ ᠪᠦᠭᠡᠳ ᠵᠠᠷᠢᠮ ᠪᠠᠲᠤᠴᠠᠭᠠᠨ 500 ᠭᠠᠷᠤᠢ ᠵᠢᠯ ᠤᠷᠭᠤᠵᠤ ᠪᠠᠶᠢᠨ᠎ᠠ᠃ ( ᠵᠢᠷᠤᠭ ᠢ ᠸᠠᠩ ᠼᠦᠨ ᠶᠠᠨ᠂ ᠵᠠᠩ ᠯᠢ ᠵᠢᠶᠦ᠋ᠨ᠂ ᠪᠠᠢ ᠬᠠᠰ᠂ ᠰᠢᠩ ᠽᠦᠩ ᠿᠧᠨ)

ᠢᠷᠡᠯᠳᠡ᠄ ᠰᠢᠨᠬᠤᠧᠠ ᠮᠤᠩᠭ᠋᠋ᠤᠯ ᠨᠧᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011100001121721698