蒙古文网站Logo
ᠰᠢᠨᠬᠤᠸᠠ ᠮᠤᠩᠭ᠋ᠤᠯ ᠨᠧᠲ

ᠬᠠᠷᠠᠮᠦ᠋ᠷᠡᠨ ᠮᠤᠵᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ 《ᠭᠠᠲᠠᠭᠠᠲᠤ ᠶᠢᠨ ᠴᠢᠲᠠᠪᠤᠷᠢᠲᠠᠨ ᠤ ᠠᠵᠢᠯᠯᠠᠬᠤ ᠦᠷᠲᠡᠭᠡ》ᠪᠠᠶᠢᠭᠤᠯᠪᠠ

2017-10-26 17:42

    ᠰᠢᠨᠬᠤᠧᠠ ᠬᠤᠷᠢᠶ᠎ᠠ   ᠬᠠᠷᠪᠢᠨ ᠤ 10 ᠰᠠᠷ᠎ᠠ ᠶᠢᠨ 24 ᠤ ᠡᠲᠦᠷ ᠤᠨ ᠴᠠᠬᠢᠯᠭᠠᠨ ᠮᠡᠲᠡᠭᠡ (ᠰᠤᠷᠪᠤᠯᠵᠢᠯᠠᠭᠴᠢ ᠶᠠᠨ ᠿᠦᠢ ) ᠰᠡᠬᠦᠯ ᠤᠨ ᠦᠶ᠎ᠠ ᠳ᠋ᠤ ᠬᠠᠷᠠᠮᠦ᠋ᠷᠡᠨ ᠮᠤᠵᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ 《ᠭᠠᠲᠠᠭᠠᠲᠤ ᠶᠢᠨ ᠴᠢᠲᠠᠪᠤᠷᠢᠲᠠᠨ ᠤ ᠠᠵᠢᠯᠯᠠᠬᠤ ᠦᠷᠲᠡᠭᠡ》ᠪᠠᠶᠢᠭᠤᠯᠵᠤ᠂ ᠭᠠᠲᠠᠭᠠᠲᠤ ᠶᠢᠨ ᠴᠢᠲᠠᠪᠤᠷᠢᠲᠠᠨ ᠤ ᠤᠶᠤᠨ ᠤ ᠴᠢᠲᠠᠪᠬᠢ ᠶᠢ ᠲᠡᠮᠵᠢᠬᠦ ᠪᠠᠨ ᠴᠢᠩᠭ᠋ᠠᠳᠬᠠᠬᠤ ᠪᠡᠷ ᠪᠠᠶᠢᠨ᠎ᠠ᠃

    ᠤᠶᠢᠯᠠᠭᠠᠭᠰᠠᠨ ᠶᠢᠡᠷ᠂ ᠤᠲᠤᠬᠠᠨ ᠳ᠋ᠤ ᠡᠨᠡᠬᠦ ᠦᠷᠲᠡᠭᠡᠨ ᠳ᠋ᠤ 17 ᠤᠯᠤᠰ ᠤᠨ 19 ᠶᠡᠬᠡ ᠲᠡᠭᠡᠳᠦ ᠰᠤᠷᠭᠠᠭᠤᠯᠢ ᠪᠠ ᠰᠤᠲᠤᠯᠭᠠᠨ ᠤ ᠭᠠᠵᠠᠷ ᠤᠨ 30 ᠭᠠᠷᠤᠢ ᠭᠠᠲᠠᠭᠠᠲᠤ ᠶᠢᠨ ᠴᠢᠲᠠᠪᠤᠷᠢᠲᠠᠨ ᠭᠡᠷ᠎ᠡ ᠲᠤᠭᠲᠠᠪᠠ᠃ ᠰᠤᠲᠤᠯᠭᠠᠨ ᠤ ᠬᠦᠷᠢᠶ᠎ᠠ ᠬᠡᠪᠴᠢᠶ᠎ᠠ ᠨᠢ ᠪᠠᠯ ᠴᠢᠯᠠᠭᠤ᠂ ᠪᠢᠴᠢᠯ ᠠᠮᠢᠲᠤ ᠪᠤᠲᠠᠰ᠂ ᠭᠠᠯᠲᠤ ᠠᠭᠤᠯᠠ ᠵᠡᠷᠭᠡ ᠪᠠᠶᠢᠵᠤ ᠬᠠᠷᠠᠮᠦ᠋ᠷᠡᠨ ᠮᠤᠵᠢ ᠶᠢᠨ ᠡᠯᠪᠡᠭ᠌ ᠪᠠᠶᠠᠯᠢᠭ ᠰᠢᠨᠵᠢᠯᠡᠬᠦ ᠤᠬᠠᠭᠠᠨ ᠲᠧᠭ᠍ᠨᠤᠯᠤᠬᠢ ᠶᠢᠨ ᠡᠬᠢ ᠪᠠᠶᠠᠯᠢᠭ ᠲᠠᠢ ᠲᠤᠬᠢᠷᠠᠯᠴᠠᠵᠤ ᠪᠠᠶᠢᠲᠠᠭ ᠶᠤᠮ᠃

    ᠬᠠᠷᠠᠮᠦ᠋ᠷᠡᠨ ᠮᠤᠵᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠭᠤᠤᠯ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠶᠢᠡᠷ᠂ ᠳᠤᠰ ᠬᠦᠷᠢᠶᠡᠯᠡᠩ ᠨᠢ  ᠤᠯᠠᠨ ᠤᠯᠤᠰ ᠤᠨ ᠰᠢᠨᠵᠢᠯᠡᠬᠦ ᠤᠬᠠᠭᠠᠨ ᠲᠧᠭ᠍ᠨᠤᠯᠤᠬᠢ ᠶᠢᠨ ᠰᠤᠯᠢᠯᠴᠠᠭ᠎ᠠ ᠪᠠ ᠬᠠᠮᠲᠤᠷᠠᠯᠴᠠᠭᠠᠨ ᠤ ᠲᠠᠪᠴᠠᠩ ᠢ 19 ᠪᠠᠶᠢᠭᠤᠯᠤᠭᠠᠳ ᠪᠤᠢ᠃ ᠤᠲᠤᠬᠠᠨ ᠤ ᠪᠠᠶᠢᠭᠤᠯᠤᠭᠰᠠᠨ 《ᠭᠠᠲᠠᠭᠠᠲᠤ ᠶᠢᠨ ᠴᠢᠲᠠᠪᠤᠷᠢᠲᠠᠨ ᠤ ᠠᠵᠢᠯᠯᠠᠬᠤ ᠦᠷᠲᠡᠭᠡ》 ᠨᠢ ᠮᠤᠵᠢ ᠶᠢᠨ ᠲᠤᠲᠤᠭᠠᠲᠤ ᠶᠢᠨ ᠶᠡᠬᠡ ᠲᠡᠭᠡᠳᠦ ᠰᠤᠷᠭᠠᠭᠤᠯᠢ᠂ ᠰᠤᠲᠤᠯᠭᠠᠨ ᠤ ᠪᠠᠶᠢᠭᠤᠯᠤᠮᠵᠢ ᠨᠤᠭᠤᠳ ᠤᠨ ᠡᠬᠢ ᠪᠠᠶᠠᠯᠢᠭ ᠢ ᠰᠤᠯᠢᠯᠴᠠᠭᠤᠯᠵᠤ᠂ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭ᠍ᠨᠤᠯᠤᠬᠢ ᠶᠢᠨ ᠬᠠᠮᠲᠤᠷᠠᠯᠴᠠᠭ᠎ᠠ ᠶᠢ ᠲᠤᠪᠤᠶᠢᠯᠭᠠᠨ᠂ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠤ ᠰᠢᠨᠵᠢᠯᠡᠬᠦ ᠤᠬᠠᠭᠠᠨ ᠲᠧᠭ᠍ᠨᠤᠯᠤᠬᠢ ᠶᠢᠨ ᠲᠤᠲᠤᠭᠠᠲᠤ ᠠᠭᠤᠯᠤᠭᠲᠠᠬᠤᠨ ᠢ ᠤᠯᠠᠮ ᠨᠢᠭᠡ ᠠᠯᠬᠤᠮ ᠢᠯᠡᠷᠡᠬᠦᠯᠬᠦ ᠪᠤᠯᠤᠨ᠎ᠠ ᠭᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121861832