蒙古文网站Logo
ᠰᠢᠨᠬᠤᠸᠠ ᠮᠤᠩᠭ᠋ᠤᠯ ᠨᠧᠲ

ᠰᠦᠩᠶᠤᠧᠠᠨ ᠤ ᠴᠠᠭᠠᠨᠨᠠᠭᠤᠷ ᠨᠢᠰᠬᠦ ᠤᠩᠭ᠋ᠤᠴᠠᠨ ᠤ ᠪᠠᠭᠤᠲᠠᠯ ᠤᠳᠠᠬᠤ ᠦᠬᠡᠢ ᠠᠰᠢᠭᠯᠠᠯᠳᠠ ᠳᠤ ᠤᠷᠤᠨ᠎ᠠ

2017-10-27 17:32

    ᠰᠦᠩᠶᠤᠧᠠᠨ ᠤ ᠴᠠᠭᠠᠨᠨᠠᠭᠤᠷ ᠨᠢᠰᠬᠦ ᠤᠩᠭ᠋ᠤᠴᠠᠨ ᠤ ᠪᠠᠭᠤᠲᠠᠯ 10 ᠰᠠᠷ᠎ᠠ ᠶᠢᠨ 29 ᠤ ᠡᠲᠦᠷ ᠠᠶᠠᠯᠠᠯ ᠨᠡᠪᠲᠡᠷᠡᠬᠦ ᠪᠤᠯᠤᠨ᠎ᠠ᠃ ᠲᠤᠬᠠᠢ ᠶᠢᠨ ᠦᠶ᠎ᠠ ᠳ᠋ᠤ ᠨᠢᠰᠬᠦ ᠤᠩᠭ᠋ᠤᠴᠠᠨ ᠤ ᠪᠠᠭᠤᠲᠠᠯ ᠤᠨ ᠠᠦ᠋ᠲ᠋ᠪᠦ᠋ᠰ ᠴᠤ ᠨᠡᠪᠲᠡᠷᠡᠬᠦ ᠪᠤᠯᠤᠨ᠎ᠠ᠃

    ᠠᠶᠠᠯᠠᠯ ᠨᠡᠪᠲᠡᠷᠡᠭᠰᠡᠨ ᠤ ᠲᠠᠷᠠᠭ᠎ᠠ ᠰᠦᠩᠶᠤᠸᠠᠨ ᠤ ᠴᠠᠭᠠᠨᠨᠠᠭᠤᠷ ᠨᠢᠰᠬᠦ ᠤᠩᠭ᠋ᠤᠴᠠᠨ ᠤ ᠪᠠᠭᠤᠲᠠᠯ ᠨᠢ ᠭᠢᠷᠢᠨ ᠮᠤᠵᠢ ᠶᠢᠨ ᠵᠢᠷᠭᠤᠳᠡᠬᠢ ᠠᠷᠠᠳ ᠤᠨ ᠬᠡᠷᠡᠭᠯᠡᠭᠡᠨ ᠤ ᠨᠢᠰᠬᠦ ᠤᠩᠭ᠋ᠤᠴᠠᠨ ᠤ ᠪᠠᠭᠤᠲᠠᠯ ᠪᠤᠯᠤᠨ᠎ᠠ᠃ ᠡᠨᠡᠬᠦ ᠨᠢᠰᠬᠦ ᠤᠩᠭ᠋ᠤᠴᠠᠨ ᠤ ᠪᠠᠭᠤᠲᠠᠯ ᠨᠢ ᠡᠮᠦᠨᠡᠲᠦ ᠭᠤᠷᠯᠤᠰ ᠤᠨ ᠮᠤᠩᠭ᠋ᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠤ ᠮᠤᠩᠭ᠋ᠤᠯ ᠠᠶᠢᠯ ᠰᠢᠶᠠᠩ ᠤᠨ ᠴᠠᠭᠠᠨᠨᠠᠭᠤᠷ ᠲᠤᠰᠬᠤᠨ  ᠳᠤ ᠪᠠᠶᠢᠷᠢᠯᠠᠵᠤ᠂ ᠰᠦᠩᠶᠤᠧᠠᠨ ᠬᠤᠲᠠ ᠲᠤᠭᠤᠷᠢᠭ ᠡᠴᠡ 30 ᠺᠢᠯᠤᠮᠸᠲ᠋ᠷ ᠤᠨ ᠵᠠᠶᠢᠲᠠᠢ᠂ ᠴᠠᠭᠠᠨ ᠨᠠᠭᠤᠷ ᠤᠨ ᠬᠠᠮᠠᠭᠠᠯᠠᠯᠲᠠ ᠶᠢᠨ ᠪᠦᠰᠡ ᠡᠴᠡ 27 ᠺᠢᠯᠤᠮᠧ᠋ᠲ᠋ᠷ ᠵᠠᠶᠢᠲᠠᠢ᠂ ᠤᠯᠤᠰ ᠤᠨ ᠲᠤᠲᠤᠭᠠᠲᠤ ᠶᠢᠨ ᠰᠠᠯᠪᠤᠷᠢ ᠱᠤᠭᠤᠮ ᠤᠨ ᠨᠢᠰᠬᠦ ᠤᠩᠭ᠋ᠤᠴᠠᠨ ᠤ ᠪᠠᠭᠤᠲᠠᠯ ᠪᠤᠯᠤᠨ᠎ᠠ᠃

    ᠤᠶᠢᠯᠠᠭᠠᠭᠰᠠᠨ ᠶᠢᠡᠷ᠂ ᠰᠦᠩᠶᠤᠧᠠᠨ ᠤ ᠴᠠᠭᠠᠨᠨᠠᠭᠤᠷ ᠨᠢᠰᠬᠦ ᠤᠩᠭ᠋ᠤᠴᠠᠨ ᠤ ᠪᠠᠭᠤᠲᠠᠯ 10 ᠰᠠᠷ᠎ᠠ ᠶᠢᠨ 29 ᠤ ᠡᠲᠦᠷ ᠰᠦᠩᠶᠤᠸᠠᠨ - ᠴᠤᠤᠶᠠᠩ - ᠪᠡᠭᠡᠵᠢᠩ᠂ ᠰᠦᠩᠶᠤᠧᠠᠨ - ᠴᠢᠩᠳ᠋ᠤᠤ - ᠱᠠᠩᠬᠠᠢ ᠶᠢᠨ ᠫᠦᠳᠦ᠋ᠩ ᠠᠶᠠᠯᠠᠯ ᠤᠨ ᠱᠤᠭᠤᠮ ᠢ ᠨᠡᠪᠲᠡᠷᠡᠬᠦᠯᠵᠦ᠂ 10 ᠰᠠᠷ᠎ᠠ ᠶᠢᠨ 31 ᠤ ᠡᠲᠦᠷ ᠰᠦᠩᠶᠤᠸᠠᠨ - ᠮᠦᠭᠲᠡᠨ - ᠰᠠᠨᠶᠠ ᠠᠶᠠᠯᠠᠯ ᠤᠨ ᠱᠤᠭᠤᠮ ᠢ ᠨᠡᠪᠲᠡᠷᠡᠬᠦᠯᠦᠨ᠎ᠡ᠃

ᠢᠷᠡᠯᠳᠡ᠄ ᠰᠦᠩᠶᠤᠧᠠᠨ ᠤ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121868074