蒙古文网站Logo
ᠰᠢᠨᠬᠤᠸᠠ ᠮᠤᠩᠭ᠋ᠤᠯ ᠨᠧᠲ

ᠭᠠᠨᠰᠦ ᠮᠤᠵᠢ ᠶᠢᠨ ᠰᠦᠪᠧᠢ ᠶᠢᠨ ᠮᠤᠩᠭ᠋ᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠨᠠᠮ ᠤᠨ ᠠᠷᠪᠠ ᠶᠢᠰᠦᠲᠦᠭᠡᠷ ᠶᠡᠬᠡ ᠬᠤᠷᠠᠯ ᠤᠨ ᠠᠮᠵᠢᠯᠲᠠ ᠲᠠᠢ ᠦᠨᠳᠦᠷᠯᠡᠭᠰᠡᠨ ᠢ ᠪᠡᠶᠡᠷᠯᠡᠨ ᠪᠡᠯᠭᠡᠯᠡᠪᠡ

2017-10-27 17:54

    ᠰᠢᠨᠬᠤᠧᠠ ᠮᠤᠩᠭ᠋ᠤᠯ ᠨᠧᠲ   ᠬᠦᠬᠡᠬᠤᠳᠠ ᠶᠢᠨ 10 ᠰᠠᠷ᠎ᠠ ᠶᠢᠨ 27 ᠤ ᠡᠳᠦᠷ ᠤᠨ ᠴᠠᠬᠢᠯᠭᠠᠨ ᠮᠡᠳᠡᠬᠡ  10 ᠰᠠᠷ᠎ᠠ ᠶᠢᠨ 24 ᠤ ᠡᠲᠦᠷ᠂ ᠭᠠᠨᠰᠦ ᠮᠤᠵᠢ ᠶᠢᠨ ᠰᠦᠪᠧᠢ ᠶᠢᠨ ᠮᠤᠩᠭ᠋ᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠤ ᠬᠢᠨ ᠦᠵᠡᠬᠦᠯᠦᠯᠭᠡ ᠴᠤᠭᠯᠠᠭᠠᠨ ᠤ ᠲᠦᠪ ᠲᠤ ᠪᠡᠨ《ᠨᠤᠲᠤᠭ》᠂《ᠬᠤᠨ ᠤ ᠲᠠᠭᠤᠯᠠᠯ》ᠭᠡᠬᠦ ᠪᠢᠴᠢᠯ ᠺᠢᠨᠤ᠋ ᠶᠢᠨ ᠲᠠᠷᠬᠠᠭᠠᠯᠲᠠ ᠶᠢᠨ ᠶᠤᠰᠤᠯᠠᠯ ᠶᠠᠪᠤᠭᠲᠠᠭᠤᠯᠵᠤ᠂ ᠨᠠᠮ ᠤᠨ ᠠᠷᠪᠠ ᠶᠢᠰᠦᠲᠦᠭᠡᠷ ᠶᠡᠬᠡ ᠬᠤᠷᠠᠯ ᠠᠮᠵᠢᠯᠳᠠ ᠲᠠᠢ ᠦᠨᠳᠦᠷᠯᠡᠭᠰᠡᠨ ᠢ ᠪᠤᠲᠠᠲᠤ ᠠᠵᠢᠯᠯᠠᠭ᠎ᠠ ᠪᠡᠷ ᠶᠢᠡᠨ ᠪᠠᠶᠠᠷᠯᠠᠨ ᠪᠡᠯᠭᠡᠯᠡᠪᠡ᠃

    ᠲᠤᠰ ᠬᠤᠶᠠᠷ ᠪᠢᠴᠢᠯ ᠺᠢᠨᠤ᠋ ᠨᠢ ᠬᠢᠯᠢ ᠬᠢᠵᠠᠭᠠᠷ ᠤᠷᠤᠨ ᠤ ᠴᠡᠷᠢᠭ ᠠᠷᠠᠳ ᠤᠨ ᠬᠠᠶᠢᠷ᠎ᠠ ᠨᠦᠬᠦᠷᠯᠡᠯ ᠪᠠ ᠡᠬᠡ ᠤᠯᠤᠰ ᠤᠨ ᠬᠢᠯᠢ ᠶᠢᠨ ᠬᠠᠮᠠᠭᠠᠯᠠᠯᠲᠠ ᠶᠢᠨ ᠤᠷᠤᠨ ᠤ ᠠᠮᠢᠲᠤᠷᠠᠯ ᠢ ᠵᠢᠷᠤᠭᠯᠠᠨ ᠲᠡᠯᠭᠡᠵᠦ᠂ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠬᠦᠮᠦᠨ ᠪᠠᠶᠢᠭᠠᠯᠢ ᠶᠢᠨ ᠤᠷᠭᠠᠨᠢᠭ ᠰᠢᠲᠦᠯᠴᠡᠯ ᠢ ᠠᠮᠢᠲᠤᠯᠢᠭ ᠶᠢᠡᠷ ᠬᠠᠷᠠᠭᠤᠯᠪᠠ᠃ (ᠨᠡᠶᠢᠳᠡᠯᠡᠯ ᠵᠢᠷᠤᠭ ᠢ ᠰᠦᠪᠧᠢ ᠶᠢᠨ ᠷᠠᠳᠢᠣ᠋ ᠺᠢᠨᠣ᠋ ᠲᠧᠯᠧᠶ᠋ᠰ ᠮᠤᠩᠭᠤᠯᠴᠢᠯᠠᠨ ᠦᠢᠯᠡᠳᠬᠦ ᠳᠦᠪ ᠤᠨ ᠴᠠᠭᠠᠨᠪᠠᠭᠠᠳᠤᠷ᠂ ᠰᠠᠶᠢᠨ᠎ᠠ)

ᠢᠷᠡᠯᠳᠡ᠄ ᠰᠢᠨᠬᠤᠧᠠ ᠮᠤᠩᠭ᠋ᠤᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121868103