蒙古文网站Logo
ᠰᠢᠨᠬᠤᠸᠠ ᠮᠤᠩᠭ᠋ᠤᠯ ᠨᠧᠲ

ᠰᠢᠨᠵᠢᠶᠠᠩ ᠤᠨ 332 ᠪᠠᠶᠢᠭᠤᠯᠤᠯᠭ᠎ᠠ ᠨᠢᠭᠡᠴᠡ ᠲᠤᠲᠤᠷ ᠭᠠᠵᠠᠷ ᠤᠨ ᠶᠡᠬᠡ ᠲᠡᠭᠡᠳᠦ ᠰᠤᠷᠭᠠᠭᠤᠯᠢ ᠪᠡᠷ ᠬᠦᠷᠴᠦ ᠴᠢᠲᠠᠪᠤᠷᠢᠲᠠᠨ ᠡᠯᠰᠡᠵᠦ ᠪᠤᠢ

2017-11-09 18:03

    ᠰᠢᠨᠬᠤᠧᠠ ᠬᠤᠷᠢᠶ᠎ᠠ   ᠦᠷᠦᠮᠴᠢ ᠶᠢᠨ 11 ᠰᠠᠷ᠎ᠠ ᠶᠢᠨ 7 ᠤ ᠡᠲᠦᠷ ᠤᠨ ᠴᠠᠬᠢᠯᠭᠠᠨ ᠮᠡᠲᠡᠭᠡ (ᠰᠤᠷᠪᠤᠯᠵᠢᠯᠠᠭᠴᠢ ᠪᠠᠢ ᠵᠢᠶᠠ ᠯᠢ᠂ ᠠ ᠢ ᠨᠦ᠋ ᠡᠯ ) ᠰᠤᠷᠪᠤᠯᠵᠢᠯᠠᠭᠴᠢ 7 ᠤ ᠡᠲᠦᠷ ᠰᠢᠨᠵᠢᠶᠠᠩ ᠤᠨ ᠤᠶᠢᠭᠤᠷ ᠤᠨ ᠦᠪᠡᠷᠲᠡᠭᠡᠨ ᠵᠠᠰᠠᠬᠤ ᠤᠷᠤᠨ ᠤ ᠬᠦᠮᠦᠨ ᠤ ᠨᠦᠬᠡᠴᠡ ᠪᠠ ᠨᠠᠶᠢᠭᠡᠮ ᠤᠨ ᠪᠠᠲᠤᠯᠠᠭᠠᠨ ᠤ ᠲᠢᠩᠬᠢᠮ ᠡᠴᠡ ᠤᠶᠢᠯᠠᠭᠠᠭᠰᠠᠨ ᠶᠢᠡᠷ᠂ 11 ᠰᠠᠷ᠎ᠠ ᠶᠢᠨ 11 ᠤ ᠡᠲᠦᠷ ᠡᠴᠡ 17 ᠤ ᠡᠲᠦᠷ ᠪᠤᠯᠲᠠᠯ᠎ᠠ ᠦᠪᠡᠷᠲᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠪᠠ ᠵᠧᠦ ᠬᠤᠲᠠ ᠵᠡᠷᠭᠡ ᠬᠡᠰᠡᠭ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠢᠨ ᠢ ᠵᠤᠬᠢᠶᠠᠨ ᠪᠠᠶᠢᠭᠤᠯᠤᠨ ᠴᠢᠩᠬᠤᠧᠠ ᠶᠡᠬᠡ ᠰᠤᠷᠭᠠᠭᠤᠯᠢ ᠵᠡᠷᠭᠡ ᠲᠤᠲᠤᠷ ᠭᠠᠵᠠᠷ ᠤᠨ ᠭᠤᠤᠯᠲᠠᠯᠭᠠᠲᠤ ᠶᠡᠬᠡ ᠰᠤᠷᠭᠠᠭᠤᠯᠢ ᠪᠡᠷ ᠬᠦᠷᠴᠦ ᠴᠢᠲᠠᠪᠤᠷᠢᠲᠠᠨ ᠤᠷᠢᠵᠤ ᠬᠡᠷᠡᠭᠯᠡᠬᠦ ᠠᠵᠢᠯᠯᠠᠭ᠎ᠠ ᠦᠷᠨᠢᠬᠦᠯᠬᠦ ᠪᠡᠷ ᠪᠠᠶᠢᠨ᠎ᠠ᠃ 

    ᠲᠤᠰ ᠤᠲᠠᠭᠠᠨ ᠤ ᠠᠵᠢᠯᠯᠠᠭᠠᠨ ᠳ᠋ᠤ 332 ᠪᠠᠶᠢᠭᠤᠯᠤᠯᠭ᠎ᠠ ᠨᠢᠭᠡᠴᠡ ᠤᠷᠤᠯᠴᠠᠵᠤ 1755 ᠴᠢᠲᠠᠪᠤᠷᠢᠲᠠᠨ ᠤᠷᠢᠵᠤ ᠬᠡᠷᠡᠭᠯᠡᠬᠦ ᠪᠡᠷ ᠪᠠᠶᠢᠨ᠎ᠠ᠃ ᠡᠭᠦᠨ ᠳ᠋ᠤ ᠠᠵᠢᠯ ᠦᠢᠯᠡᠰ ᠤᠨ ᠪᠠᠶᠢᠭᠤᠯᠤᠯᠭ᠎ᠠ ᠨᠢᠭᠡᠴᠡ 1228 ᠬᠦᠮᠦᠨ ᠪᠠᠶᠢᠵᠤ᠂ ᠶᠡᠷᠦᠩᠬᠡᠢ ᠲᠤᠭᠠᠨ ᠤ 70% ᠶ᠋ᠢ ᠡᠵᠡᠯᠡᠵᠦ ᠪᠤᠢ ; ᠦᠪᠡᠷᠲᠡᠭᠡᠨ ᠵᠠᠰᠠᠬᠤ ᠤᠷᠤᠨ ᠤ 26 ᠤᠯᠤᠰ ᠤᠨ ᠦᠮᠴᠢᠯᠡᠯ ᠤᠨ ᠠᠵᠤ ᠠᠬᠤᠶᠢᠯᠠᠯ 527 ᠠᠵᠢᠯ ᠤᠨ ᠪᠠᠶᠢᠷᠢ ᠬᠠᠩᠭ᠋ᠠᠬᠤ ᠪᠤᠯᠤᠨ᠎ᠠ᠃

    ᠦᠪᠡᠷᠲᠡᠭᠡᠨ ᠵᠠᠰᠠᠬᠤ ᠤᠷᠤᠨ ᠤ ᠬᠦᠮᠦᠨ ᠤ ᠨᠦᠭᠡᠴᠡ ᠪᠠ ᠨᠡᠶᠢᠭᠡᠮ ᠤᠨ ᠪᠠᠲᠤᠯᠠᠭᠠᠨ ᠤ ᠲᠢᠩᠬᠢᠮ ᠤᠨ ᠪᠦᠷᠢᠳᠭᠡᠭ᠍ᠰᠡᠨ ᠢ ᠦᠨᠳᠦᠰᠦᠯᠡᠪᠡᠯ᠂ ᠡᠨᠡ ᠤᠨ ᠳ᠋ᠤ ᠰᠢᠨᠵᠢᠶᠠᠩ ᠤᠨ ᠪᠠᠴᠢᠮ ᠲᠤᠲᠠᠭᠲᠠᠵᠤ ᠪᠠᠶᠢᠭ᠎ᠠ ᠴᠢᠲᠠᠪᠤᠷᠢᠲᠠᠨ ᠤ ᠲᠤᠭ᠎ᠠ 28137 ᠬᠦᠷᠪᠠ᠂ ᠡᠭᠦᠨ ᠳᠤ ᠠᠵᠢᠯ ᠦᠢᠯᠡᠰ ᠤᠨ ᠪᠠᠶᠢᠭᠤᠯᠤᠯᠭ᠎ᠠ ᠨᠢᠭᠡᠴᠡ ᠶᠢᠨ ᠲᠤᠲᠠᠭᠲᠠᠵᠤ ᠪᠠᠶᠢᠭ᠎ᠠ ᠬᠡᠮᠵᠢᠶ᠎ᠠ ᠨᠢ ᠬᠠᠮᠤᠭ ᠤᠨ ᠤᠯᠠᠨ᠃ ᠲᠤᠰᠬᠠᠢ ᠮᠡᠷᠭᠡᠵᠢᠯ ᠤᠨ ᠴᠢᠲᠠᠪᠤᠷᠢᠲᠠᠨ᠂ ᠨᠠᠮ ᠵᠠᠰᠠᠭ ᠤᠨ ᠴᠢᠲᠠᠪᠤᠷᠢᠲᠠᠨ᠂ ᠡᠵᠡᠩᠨᠡᠯᠲᠡ ᠬᠠᠮᠢᠶᠠᠷᠤᠯᠲᠠ ᠶᠢᠨ ᠴᠢᠲᠠᠪᠤᠷᠢᠲᠠᠨ᠂ ᠨᠡᠶᠢᠭᠡᠮ ᠤᠨ ᠠᠵᠢᠯ ᠤᠨ ᠴᠢᠲᠠᠪᠤᠷᠢᠲᠠᠨ᠂ ᠬᠦᠲᠡᠭᠡ ᠲᠤᠰᠬᠤᠨ ᠤ ᠬᠡᠷᠡᠭᠯᠡᠭᠡᠨ ᠤ ᠴᠢᠲᠠᠪᠤᠷᠢᠲᠠᠨ᠂ ᠰᠤᠷᠭᠠᠨ ᠬᠦᠮᠦᠵᠢᠯ ᠤᠨ ᠰᠠᠯᠪᠤᠷᠢ ᠶᠢᠨ ᠴᠢᠲᠠᠪᠤᠷᠢᠲᠠᠨ ᠲᠤᠲᠠᠭᠲᠠᠵᠤ ᠪᠠᠶᠢᠨ᠎ᠠ᠃  

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121931617