蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠳ᠋ᠤ ᠠᠭᠠᠷ ᠤᠨ ᠲᠤᠯᠠᠭᠠᠨ ᠦᠷᠬᠦᠯᠵᠢᠯᠡᠨ ᠪᠠᠭᠤᠷᠠᠵᠤ ᠭᠡᠭᠡᠨ ᠭᠤᠤᠯ ᠵᠡᠷᠭᠡ ᠭᠠᠵᠠᠷ ᠤᠳ ᠤᠨ ᠬᠠᠮᠤᠭ ᠤᠨ ᠲᠤᠤᠷ᠎ᠠ ᠠᠭᠠᠷ ᠤᠨ ᠲᠤᠯᠠᠭᠠᠨ -22℃ ᠪᠤᠯᠪᠠ

2017-11-13 13:57

    ᠤᠶᠢᠷ᠎ᠠ ᠶᠢᠨ ᠡᠲᠦᠷ ᠦᠪᠦᠷ ᠮᠤᠩᠭ᠋ᠤᠯ ᠤᠨ ᠶᠡᠬᠡᠩᠬᠢ ᠪᠦᠰᠡ ᠨᠤᠲᠤᠭ ᠤᠨ ᠠᠭᠠᠷ ᠤᠨ ᠲᠤᠯᠠᠭᠠᠨ ᠪᠠᠭᠤᠷᠠᠪᠠ᠃ ᠰᠢᠨ᠎ᠡ ᠡᠭᠡᠯᠵᠢ ᠶᠢᠨ ᠬᠦᠢᠲᠡᠨ ᠤᠷᠤᠰᠬᠠᠯ ᠤᠨ ᠨᠦᠯᠦᠭᠡ ᠪᠡᠷ ᠤᠷᠤᠨ ᠲᠠᠶᠠᠭᠠᠷ ᠤᠨ ᠶᠡᠬᠡᠩᠬᠢ ᠪᠦᠰᠡ ᠨᠤᠲᠤᠭ ᠤᠨ ᠠᠭᠠᠷ ᠤᠨ ᠲᠤᠯᠠᠭᠠᠨ 4 - 6ᠪᠠᠭᠤᠷᠠᠨ᠂ ᠲᠤᠮᠲᠠ ᠵᠡᠬᠦᠨ ᠪᠦᠰᠡ ᠶᠢᠨ ᠵᠠᠷᠢᠮ ᠭᠠᠵᠠᠷ ᠤᠨ ᠬᠠᠮᠤᠭ ᠤᠨ ᠲᠤᠤᠷ᠎ᠠ ᠠᠭᠠᠷ ᠤᠨ ᠲᠤᠯᠠᠭᠠᠨ -22ᠬᠦᠷᠬᠦ ᠪᠤᠯᠤᠨ᠎ᠠ᠃

    ᠤᠷᠢᠳᠴᠢᠯᠠᠨ ᠲᠤᠭᠠᠴᠠᠭᠠᠯᠠᠭᠰᠠᠨ ᠶᠢᠡᠷ 13 ᠤ ᠡᠲᠦᠷ᠂ ᠰᠢᠯᠢ ᠶᠢᠨ ᠭᠤᠤᠯ ᠤᠨ ᠶᠡᠬᠡᠩᠬᠢ ᠪᠦᠰᠡ᠂ ᠤᠯᠠᠭᠠᠨᠬᠠᠲᠠ ᠶᠢᠨ ᠪᠠᠷᠠᠭᠤᠨ ᠬᠤᠶᠢᠲᠤ ᠪᠦᠰᠡ᠂ ᠬᠢᠩᠭ᠋ᠠᠨ ᠤ ᠬᠤᠶᠢᠲᠤ ᠪᠦᠰᠡ᠂ ᠬᠦᠯᠦᠨ ᠪᠤᠶᠢᠷ ᠲᠤ ᠪᠠᠭ᠎ᠠ ᠴᠠᠰᠤ ᠤᠷᠤᠨ᠎ᠠ᠃ ᠬᠢᠩᠭ᠋ᠠᠨ ᠤ ᠪᠠᠷᠠᠭᠤᠨ ᠬᠤᠶᠢᠲᠤ ᠪᠦᠰᠡ᠂ ᠬᠦᠯᠦᠨ ᠪᠤᠶᠢᠷ ᠤᠨ ᠲᠤᠮᠲᠠ ᠪᠦᠰᠡ ᠳ᠋ᠤ ᠲᠤᠮᠲᠠ ᠵᠡᠷᠭᠡ ᠶᠢᠨ ᠴᠠᠰᠤ ᠤᠷᠤᠨ᠎ᠠ᠃ ᠪᠤᠰᠤᠳ ᠭᠠᠵᠠᠷ ᠲᠤ ᠡᠭᠦᠯᠡᠰᠢᠨ᠎ᠡ᠃ ᠲᠤᠮᠲᠠᠲᠤ ᠵᠡᠭᠦᠨ ᠪᠦᠰᠡ ᠳ᠋ᠤ ᠪᠠᠷᠠᠭᠤᠨ ᠬᠤᠶᠢᠨ᠎ᠡ ᠡᠴᠡ 4 – 5 ᠲᠠᠰ ᠤᠨ ᠰᠠᠯᠬᠢ ᠲᠠᠢ᠃

    ᠦᠪᠦᠷ ᠮᠤᠩᠭ᠋ᠤᠯ ᠤᠨ ᠶᠡᠬᠡᠩᠬᠢ ᠪᠦᠰᠡ ᠶᠢᠨ ᠠᠭᠠᠷ ᠤᠨ ᠲᠤᠯᠠᠭᠠᠨ ᠪᠠᠭᠤᠷᠠᠬᠤ ᠶᠢ ᠲᠠᠭᠠᠯᠲᠤᠨ ᠤᠨᠴᠠᠭᠠᠶᠢᠯᠠᠨ ᠵᠡᠭᠦᠨ ᠪᠦᠰᠡ ᠶᠢᠨ ᠮᠠᠯᠵᠢᠬᠤ ᠤᠷᠤᠨ ᠳ᠋ᠡᠬᠢ ᠨᠦᠯᠦᠭᠡᠯᠡᠬᠦ ᠬᠦᠴᠦᠨ ᠶᠡᠬᠡ ᠤᠴᠢᠷ ᠬᠠᠮᠢᠶᠠᠲᠠᠢ ᠲᠠᠯ᠎ᠠ ᠶᠢᠨ ᠬᠢᠨ ᠲᠤᠯᠠᠭᠠᠯᠭ᠎ᠠ ᠶᠢᠨ ᠠᠵᠢᠯ ᠶᠢᠡᠨ ᠰᠠᠶᠢᠲᠦᠷ ᠬᠢᠵᠦ ᠠᠶᠤᠯᠬᠦᠢ ᠶᠢ ᠪᠠᠲᠤᠯᠠᠬᠤ ᠶᠢ ᠴᠠᠭ ᠠᠭᠤᠷ ᠤᠨ ᠰᠠᠯᠠᠭ᠎ᠠ ᠮᠦᠴᠢᠷ ᠤᠨ ᠬᠢᠨ ᠰᠠᠨᠠᠭᠤᠯᠵᠤ ᠪᠠᠶᠢᠨ᠎ᠠ᠃

ᠢᠷᠡᠯᠳᠡ᠄ ᠲᠤᠮᠲᠠᠲᠤ ᠤᠯᠤᠰ ᠤᠨ ᠴᠠᠭ ᠠᠭᠤᠷ ᠤᠨ ᠮᠡᠲᠡᠭᠡᠨ ᠤ ᠰᠦᠯᠵᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121946884