蒙古文网站Logo
ᠰᠢᠨᠬᠤᠸᠠ ᠮᠤᠩᠭ᠋ᠤᠯ ᠨᠧᠲ

ᠬᠠᠷᠠᠮᠦ᠋ᠷᠡᠨ ᠤ ᠴᠢ ᠡᠧ ᠰᠢᠨ᠎ᠡ ᠬᠡᠪᠯᠡᠯ ᠮᠡᠲᠡᠭᠡᠯᠡᠯ ᠤᠨ ᠲᠡᠭᠡᠳᠦ ᠰᠤᠷᠭᠠᠭᠤᠯᠢ ᠪᠠᠶᠢᠭᠤᠯᠤᠭᠲᠠᠪᠠ

2017-12-05 18:43

    12 ᠰᠠᠷ᠎ᠠ ᠶᠢᠨ 4 ᠤ ᠡᠲᠦᠷ ᠤᠨ ᠦᠲᠡ ᠡᠴᠡ ᠬᠤᠶᠢᠨ᠎ᠠ᠂ ᠲᠧᠩ ᠰᠢᠶᠦ᠋ᠨ ᠰᠦᠯᠵᠢᠶ᠎ᠠ᠂ ᠬᠠᠷᠠᠮᠦ᠋ᠷᠡᠨ ᠶᠡᠬᠡ ᠰᠤᠷᠭᠠᠭᠤᠯᠢ ᠪᠠ ᠵᠡᠬᠦᠨ ᠬᠤᠶᠢᠲᠤ ᠶᠢᠨ ᠰᠦᠯᠵᠢᠶ᠎ᠠ ᠡᠴᠡ ᠬᠠᠮᠲᠤᠷᠠᠨ ᠪᠠᠶᠢᠭᠤᠯᠤᠭᠰᠠᠨ ᠴᠢ ᠧ ᠰᠢᠨ᠎ᠡ ᠬᠡᠪᠯᠡᠯ ᠮᠡᠲᠡᠭᠡᠯᠡᠯ ᠤᠨ ᠲᠡᠭᠡᠳᠦ ᠰᠤᠷᠭᠠᠭᠤᠯᠢ ᠪᠠᠶᠢᠭᠤᠯᠤᠭᠲᠠᠬᠤ ᠶᠤᠰᠤᠯᠠᠯ ᠬᠠᠷᠠᠮᠦ᠋ᠷᠡᠨ ᠶᠡᠬᠡ ᠰᠤᠷᠭᠠᠭᠤᠯᠢ ᠳ᠋ᠤ ᠪᠤᠯᠵᠤ ᠦᠩᠭᠡᠷᠡᠪᠡ᠃

    ᠤᠶᠢᠯᠠᠭᠠᠭᠰᠠᠨ ᠶᠢᠡᠷ᠂ ᠲᠤᠰ ᠰᠤᠷᠭᠠᠭᠤᠯᠢ ᠨᠢ ᠮᠡᠷᠭᠡᠵᠢᠯ᠂ ᠲᠠᠪᠴᠠᠩ᠂ ᠶᠡᠬᠡ ᠲᠡᠭᠡᠳᠦ ᠰᠤᠷᠭᠠᠭᠤᠯᠢ᠂ ᠬᠡᠪᠯᠡᠯ ᠮᠡᠲᠡᠭᠡᠯᠡᠯ ᠵᠡᠷᠭᠡ ᠲᠠᠪᠠᠭᠤ ᠨᠦᠬᠦᠴᠡᠯ ᠳ᠋ᠡᠭᠡᠨ ᠲᠦᠰᠢᠭᠯᠡᠨ ᠰᠤᠷᠤᠭᠴᠢᠳ ᠲᠤ ᠲᠠᠲᠤᠯᠭ᠎ᠠ ᠪᠤᠯᠪᠠᠰᠤᠷᠠᠯ ᠬᠠᠩᠭ᠋ᠠᠬᠤ᠂ ᠠᠵᠢᠯ ᠤᠯᠭᠤᠬᠤ ᠵᠠᠪᠰᠢᠶᠠᠨ ᠬᠠᠩᠭ᠋ᠠᠬᠤ ᠪᠤᠯᠤᠨ᠎ᠠ᠃ ᠲᠤᠰ ᠰᠤᠷᠭᠠᠭᠤᠯᠢ ᠶᠢᠨ ᠪᠠᠶᠢᠭᠤᠯᠤᠭᠲᠠᠭᠰᠠᠨ ᠨᠢ ᠬᠠᠷᠠᠮᠦ᠋ᠷᠡᠨ ᠮᠤᠵᠢ ᠶᠢᠨ ᠨᠠᠮ ᠵᠠᠰᠠᠭ ᠪᠠ ᠤᠯᠠᠮᠵᠢᠯᠠᠯᠲᠤ ᠬᠡᠪᠯᠡᠯ ᠮᠡᠲᠡᠭᠡᠯᠡᠯ ᠳ᠋ᠤ ᠰᠢᠨ᠎ᠡ ᠬᠡᠪᠯᠡᠯ ᠮᠡᠲᠡᠭᠡᠯᠡᠯ ᠤᠨ ᠪᠠᠶᠢᠭᠤᠯᠤᠯᠲᠠ᠂ ᠬᠦᠭ᠍ᠵᠢᠯᠲᠠ᠂ ᠬᠡᠯᠪᠡᠷᠢ ᠶᠢᠨ ᠬᠤᠪᠢᠷᠠᠭᠤᠯᠤᠯᠲᠠ᠂ ᠴᠢᠲᠠᠪᠤᠷᠢᠲᠠᠨ ᠬᠦᠮᠦᠵᠢᠬᠦᠯᠬᠦ ᠲᠠᠯ᠎ᠠ ᠳ᠋ᠤ ᠲᠤᠷᠰᠢᠯᠭ᠎ᠠ ᠬᠠᠩᠭ᠋ᠠᠬᠤ ᠪᠤᠶᠤ ᠮᠡᠷᠭᠡᠵᠢᠯ ᠤᠨ ᠦᠢᠯᠡᠴᠢᠯᠡᠭᠡ ᠬᠠᠩᠭ᠋ᠠᠨ᠂ ᠬᠡᠪᠯᠡᠯ ᠮᠡᠲᠡᠭᠡᠯᠡᠯ ᠤᠨ ᠰᠠᠯᠪᠤᠷᠢ ᠶᠢᠨ ᠡᠷᠡᠬᠦᠯ ᠶᠢᠡᠷ ᠬᠦᠭ᠍ᠵᠢᠬᠦ ᠳ᠋ᠤ ᠪᠠᠲᠤᠯᠠᠭ᠎ᠠ ᠬᠠᠩᠭ᠋ᠠᠬᠤ ᠪᠤᠯᠤᠨ᠎ᠠ᠃

ᠢᠷᠡᠯᠳᠡ᠄ ᠬᠠᠷᠠᠮᠦ᠋ᠷᠡᠨ ᠤ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122062257