蒙古文网站Logo
ᠰᠢᠨᠬᠤᠸᠠ ᠮᠤᠩᠭ᠋ᠤᠯ ᠨᠧᠲ

ᠵᠡᠬᠦᠨ ᠦᠵᠦᠮᠦᠴᠢᠨ ᠬᠤᠰᠢᠭᠤ᠄ ᠶᠠᠲᠠᠭᠤ ᠬᠦᠴᠢᠷᠲᠡᠯᠲᠡᠢ ᠮᠠᠯᠴᠢᠳ ᠲᠤ ᠲᠤᠬᠢᠯᠢᠭ ᠤᠷᠤᠨ ᠰᠠᠭᠤᠴᠠ ᠤᠯᠭᠤᠪᠠ

2017-12-13 11:51

    ᠰᠢᠨᠬᠤᠧᠠ ᠮᠤᠩᠭᠤᠯ ᠨᠧᠲ  ᠬᠦᠬᠡᠬᠤᠲᠠ ᠶᠢᠨ 12 ᠰᠠᠷ᠎ᠠ ᠶᠢᠨ 13 ᠤ ᠡᠲᠦᠷ ᠤᠨ ᠴᠠᠬᠢᠯᠭᠠᠨ ᠮᠡᠲᠡᠭᠡ   ᠰᠡᠬᠦᠯ ᠤᠨ ᠦᠶ᠎ᠠ ᠳ᠋ᠤ ᠦᠪᠦᠷ ᠮᠤᠩᠭᠤᠯ ᠤᠨ ᠰᠢᠯᠢ ᠶᠢᠨ ᠭᠤᠤᠯ ᠠᠶᠢᠮᠠᠭ ᠤᠨ ᠵᠡᠬᠦᠨ ᠦᠵᠦᠮᠦᠴᠢᠨ ᠬᠤᠰᠢᠭᠤ ᠡᠨᠡ ᠤᠨ ᠤ ᠶᠠᠲᠠᠭᠤ ᠬᠦᠴᠢᠷᠲᠡᠯᠲᠡᠢ ᠮᠠᠯᠴᠢᠨ ᠡᠷᠦᠬᠡ ᠳ᠋ᠤ ᠤᠷᠤᠨ ᠰᠠᠭᠤᠴᠠ ᠬᠤᠪᠢᠶᠠᠬᠤ ᠠᠵᠢᠯᠯᠠᠭ᠎ᠠ ᠶᠠᠪᠤᠭᠤᠯᠪᠠ᠃

    ᠤᠶᠢᠯᠠᠭᠠᠭᠰᠠᠨ ᠶᠢᠡᠷ᠂ ᠲᠤᠰ ᠬᠤᠰᠢᠭᠤ ᠡᠨᠡ ᠤᠨ ᠳ᠋ᠤ 113.8913 ᠲᠦᠮᠡᠨ ᠲᠦᠭᠦᠷᠢᠭ ( ᠡᠭᠦᠨ ᠳ᠋ᠤ ᠲᠦᠰᠦᠯ ᠤᠨ ᠨᠡᠶᠢᠯᠡᠮᠡᠯ ᠬᠦᠷᠦᠩᠭᠡ 40.8 ᠲᠦᠮᠡᠨ ᠲᠦᠭᠦᠷᠢᠭ᠂ ᠤᠷᠤᠨ ᠨᠤᠲᠤᠭ ᠤᠨ ᠡᠳ᠋ ᠤᠨ ᠵᠠᠰᠠᠭ ᠤᠨ ᠢᠵᠢ ᠪᠦᠷᠢᠲᠦᠬᠦᠯᠦᠭᠰᠡᠨ ᠬᠦᠷᠦᠩᠭᠡ 38.044 ᠲᠦᠮᠡᠨ ᠲᠦᠭᠦᠷᠢᠭ᠂ ᠶᠠᠲᠠᠭᠤ ᠬᠦᠴᠢᠷᠲᠡᠯᠲᠡᠢ ᠡᠷᠦᠬᠡ ᠶᠢᠨ ᠦᠪᠡᠷ ᠶᠢᠡᠨ ᠪᠡᠯᠡᠳᠭᠡᠭᠰᠡᠨ ᠬᠦᠷᠦᠩᠭᠡ 35.0472 ᠲᠦᠮᠡᠨ ᠲᠦᠭᠦᠷᠢᠭ ᠢ ᠪᠠᠭᠲᠠᠭᠠᠨ᠎ᠠ )  ᠤᠨ ᠬᠦᠷᠦᠩᠭᠡ ᠤᠷᠤᠭᠤᠯᠤᠨ᠂ ᠨᠤᠲᠤᠭ ᠪᠡᠯᠴᠢᠭᠡᠷ ᠶᠢᠡᠨ ᠰᠢᠢᠳᠪᠦᠷᠢᠯᠡᠵᠦ ᠬᠤᠲᠠ ᠤᠷᠤᠵᠤ ᠬᠦᠯᠦᠰᠦᠨ ᠠᠵᠢᠯ ᠬᠢᠵᠦ ᠪᠠᠶᠢᠭ᠎ᠠ 24 ᠡᠷᠦᠬᠡ ᠳ᠋ᠤ ᠪᠠᠲᠤᠯᠠᠭ᠎ᠠ ᠶᠢᠨ ᠴᠢᠨᠠᠷᠲᠠᠢ ᠤᠷᠤᠨ ᠰᠠᠭᠤᠴᠠ ᠤᠯᠭᠤᠨ 68 ᠮᠠᠯᠴᠢᠨ ᠳ᠋ᠤ ᠪᠤᠲᠠᠲᠤ ᠠᠰᠢᠭ ᠬᠦᠷᠲᠡᠭᠡᠪᠡ᠃

    ᠲᠤᠬᠢᠯᠢᠭ ᠰᠠᠶᠢᠬᠠᠨ ᠤᠷᠤᠨ ᠰᠠᠭᠤᠴᠠ ᠲᠠᠢ ᠪᠤᠯᠤᠭᠰᠠᠨ ᠡᠲᠡᠭᠡᠷ ᠮᠠᠯᠴᠢᠳ ᠨᠠᠮ ᠵᠠᠰᠠᠭ ᠤᠨ ᠬᠠᠶᠢᠷ᠎ᠠ ᠬᠠᠯᠠᠮᠵᠢ ᠳ᠋ᠤ ᠲᠠᠯᠠᠷᠬᠠᠨ᠂ ᠠᠵᠢᠯᠴᠢ ᠬᠤᠶᠠᠷ ᠭᠠᠷ ᠰᠢᠷᠭᠠᠭᠤ ᠬᠦᠲᠡᠯᠮᠦᠷᠢ ᠪᠡᠷ ᠶᠢᠡᠨ ᠰᠠᠶᠢᠨ ᠰᠠᠶᠢᠬᠠᠨ ᠠᠮᠢᠲᠤᠷᠠᠯ ᠦᠢᠯᠡᠰ ᠶᠢᠡᠨ ᠴᠤᠭᠴᠠᠯᠠᠨ ᠪᠠᠶᠢᠭᠤᠯᠤᠨ᠎ᠠ ᠭᠡᠵᠦ ᠵᠤᠷᠢᠭ ᠶᠢᠡᠨ ᠢᠯᠡᠳᠭᠡᠵᠦ ᠪᠠᠶᠢᠪᠠ᠃ (ᠨᠡᠶᠢᠲᠡᠯᠡᠯ ᠢ ᠵᠡᠬᠦᠨ ᠦᠵᠦᠮᠦᠴᠢᠨ ᠬᠤᠰᠢᠭᠤᠨ ᠤ ᠭᠡᠭᠡᠨᠬᠠᠰ )

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122103457