ᠦᠪᠦᠷ ᠮᠤᠩᠭᠤᠯ᠄ ᠦᠨᠦᠲᠦᠷ ᠡᠴᠡ ᠡᠬᠢᠯᠡᠨ ᠲᠠᠬᠢᠨ ᠬᠦᠢᠳᠡᠷᠡᠵᠤ ᠤᠷᠤᠨ ᠤ ᠲᠦᠪ ᠬᠦᠬᠡᠬᠤᠲᠠ ᠳ᠋ᠤ ᠠᠩᠬᠠᠨ ᠤ ᠴᠠᠰᠤ ᠤᠨᠠᠨ᠎ᠠ 2017-12-13 12:00

    ᠰᠢᠨᠬᠤᠧᠠ ᠮᠤᠩᠭᠤᠯ ᠨᠧᠲ   ᠬᠦᠬᠡᠬᠤᠲᠠ ᠶᠢᠨ 12 ᠰᠠᠷ᠎ᠠ ᠶᠢᠨ 13 ᠤ ᠡᠲᠦᠷ ᠤᠨ ᠴᠠᠬᠢᠯᠭᠠᠨ ᠮᠡᠲᠡᠭᠡ ( ᠬ • ᠦᠵᠡᠰᠭᠦᠯᠡᠩ ) ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠴᠠᠭ ᠠᠭᠤᠷ ᠤᠨ ᠲᠤᠪᠴᠢᠶᠠᠨ ᠡᠴᠡ ᠤᠶᠢᠯᠠᠭᠠᠭᠰᠠᠨ ᠶᠢᠡᠷ 13 ᠤ ᠡᠲᠦᠷ ᠡᠴᠡ 15 ᠤ ᠡᠲᠦᠷ ᠪᠤᠯᠲᠠᠯ᠎ᠠ ᠦᠪᠦᠷ ᠮᠤᠩᠭᠤᠯ ᠤᠨ ᠪᠠᠷᠠᠭᠤᠨ ᠪᠦᠰᠡ ᠶᠢᠨ ᠵᠡᠬᠦᠨ ᠬᠡᠰᠡᠭ᠂ ᠲᠤᠮᠲᠠ ᠪᠦᠰᠡ ᠶᠢᠨ ᠶᠡᠬᠡᠩᠬᠢ ᠬᠡᠰᠡᠭ ᠶᠢᠡᠷ ᠴᠠᠰᠤ ᠤᠷᠤᠵᠤ ᠬᠦᠢᠲᠡᠷᠡᠬᠦ ᠪᠤᠯᠤᠨ᠎ᠠ᠃

    13 ᠤ ᠡᠲᠦᠷ ᠤᠨ 20᠄ 00 ᠴᠠᠭ ᠡᠴᠡ 15 ᠤ ᠡᠲᠦᠷ ᠤᠨ 8᠄ 00 ᠴᠠᠭ ᠪᠤᠯᠲᠠᠯ᠎ᠠ ᠦᠪᠦᠷ ᠮᠤᠩᠭᠤᠯ ᠤᠨ ᠠᠯᠠᠱᠠ ᠶᠢᠨ ᠵᠡᠬᠦᠨ ᠪᠦᠰᠡ᠂ ᠦᠬᠠᠢ᠂ ᠪᠠᠶᠠᠨᠨᠠᠭᠤᠷ᠂ ᠤᠷᠲᠤᠰ᠂ ᠪᠤᠭᠤᠲᠤ᠂ ᠬᠦᠬᠡᠬᠤᠲᠠ᠂ ᠤᠯᠠᠭᠠᠨᠴᠠᠪ᠂ ᠰᠢᠯᠢ ᠶᠢᠨ ᠭᠤᠤᠯ᠂ ᠬᠢᠩᠭᠠᠨ ᠤ ᠪᠠᠷᠠᠭᠤᠨ ᠪᠦᠰᠡ᠂ ᠬᠦᠯᠦᠨ ᠪᠤᠶᠢᠷ ᠤᠨ ᠲᠤᠮᠲᠠ ᠬᠤᠶᠢᠲᠤ ᠪᠦᠰᠡ ᠳ᠋ᠤ ᠴᠠᠰᠤ ᠤᠷᠤᠨ᠎ᠠ᠃ ᠡᠭᠦᠨ ᠳ᠋ᠤ ᠤᠷᠲᠤᠰ ᠤᠨ ᠵᠡᠬᠦᠨ ᠪᠦᠰᠡ᠂ ᠪᠤᠭᠤᠲᠤ ᠶᠢᠨ ᠡᠮᠦᠨ᠎ᠡ ᠪᠦᠰᠡ᠂ ᠬᠦᠬᠡᠬᠤᠲᠠ ᠶᠢᠨ ᠲᠤᠮᠲᠠ ᠡᠮᠦᠨ᠎ᠡ ᠪᠦᠰᠡ᠂ ᠤᠯᠠᠭᠠᠨᠴᠠᠪ ᠤᠨ ᠪᠠᠷᠠᠭᠤᠨ ᠡᠮᠦᠨ᠎ᠡ ᠪᠦᠰᠡ ᠳ᠋ᠤ ᠲᠤᠮᠲᠠ ᠵᠡᠷᠭᠡ ᠶᠢᠨ ᠴᠠᠰᠤ ᠤᠷᠤᠨ᠎ᠠ᠃ ᠬᠦᠢᠲᠠᠨ ᠠᠭᠤᠷ ᠠᠮᠢᠰᠬᠤᠯ ᠤᠨ ᠨᠦᠯᠦᠭᠡ ᠪᠡᠷ ᠤᠷᠤᠨ ᠲᠠᠶᠠᠭᠠᠷ ᠲᠤ 4 – 5 ᠲᠡᠰ ᠤᠨ ᠰᠠᠯᠬᠢᠨ ᠲᠠᠢ᠃

    14 ᠤ ᠡᠲᠦᠷ ᠤᠨ 8᠄ 00 ᠴᠠᠭ ᠡᠴᠡ 15 ᠤ ᠡᠲᠦᠷ ᠤᠨ 20᠄ 00 ᠴᠠᠭ ᠪᠤᠯᠲᠠᠯ᠎ᠠ ᠦᠪᠦᠷ ᠮᠤᠩᠭᠤᠯ ᠤᠨ ᠶᠡᠬᠡᠩᠬᠢ ᠪᠦᠰᠡ ᠨᠤᠲᠤᠭ ᠤᠨ ᠠᠭᠠᠷ ᠤᠨ ᠲᠤᠯᠠᠭᠠᠨ 6 – 8 ᠭᠷᠠᠳᠦ᠋ᠰ ᠬᠦᠢᠲᠡᠷᠡᠨ᠂ ᠤᠨᠴᠠᠭᠠᠶᠢᠯᠠᠨ ᠪᠤᠭᠤᠲᠤ ᠶᠢᠨ ᠵᠡᠬᠦᠨ ᠪᠦᠰᠡ᠂ ᠬᠦᠬᠡᠬᠤᠲᠠ᠂ ᠤᠯᠠᠭᠠᠨᠴᠠᠪ ᠤᠨ ᠡᠮᠦᠨ᠎ᠡ ᠪᠦᠰᠡ᠂ ᠰᠢᠯᠢ ᠶᠢᠨ ᠭᠤᠤᠯ ᠤᠨ ᠡᠮᠦᠨ᠎ᠡ ᠪᠦᠰᠡ᠂ ᠤᠯᠠᠭᠠᠨᠬᠠᠲᠠ ᠶᠢᠨ ᠡᠮᠦᠨ᠎ᠡ ᠪᠦᠰᠡ᠂ ᠲᠦᠩᠯᠢᠶᠤᠤ ᠶᠢᠨ ᠡᠮᠦᠨ᠎ᠡ ᠪᠦᠰᠡ ᠶᠢᠨ ᠠᠭᠠᠷ ᠤᠨ ᠲᠤᠯᠠᠭᠠᠨ 8 – 10 ᠭᠷᠠᠳᠦ᠋ᠰ ᠬᠦᠶᠲᠡᠷᠡᠬᠦ ᠪᠤᠯᠤᠨ᠎ᠠ᠃ ᠴᠠᠰᠤ ᠤᠷᠤᠵᠤ ᠲᠡᠭᠷᠢ ᠬᠦᠢᠲᠡᠷᠡᠬᠦ ᠪᠡᠷ ᠲᠤᠯᠠᠭᠠᠯᠠᠭ᠎ᠠ ᠶᠢᠨ ᠠᠵᠢᠯ ᠶᠢᠡᠨ ᠰᠠᠶᠢᠲᠦᠷ ᠬᠢᠵᠦ᠂ ᠬᠠᠮᠢᠶᠠᠲᠠᠢ ᠭᠠᠵᠠᠷ ᠪᠠ ᠰᠠᠯᠠᠭ᠎ᠠ ᠮᠦᠴᠢᠷ ᠤᠨ ᠬᠢᠨ ᠬᠦᠲᠡᠭᠡ ᠤᠷᠤᠨ ᠨᠤᠲᠤᠭ ᠤᠨ ᠮᠠᠯ ᠲᠠᠷᠢᠶᠠᠯᠠᠩ ᠭᠠᠮᠰᠢᠭ ᠲᠤ ᠤᠴᠠᠷᠠᠬᠤ ᠡᠴᠡ ᠰᠡᠷᠭᠡᠶᠢᠯᠡᠬᠦ ᠠᠵᠢᠯ ᠢ ᠤᠷᠢᠳᠴᠢᠯᠠᠨ ᠬᠢᠬᠦ ᠶᠢ ᠴᠠᠭ ᠠᠭᠤᠷ ᠤᠨ ᠲᠤᠰᠬᠠᠢ ᠮᠡᠷᠭᠡᠵᠢᠯᠲᠡᠨ ᠡᠴᠡ ᠰᠠᠨᠠᠭᠤᠯᠵᠤ ᠪᠠᠶᠢᠨ᠎ᠠ᠃

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701122103648