蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠲᠠᠷᠬᠠᠨ ᠮᠤᠤᠮᠢᠩᠭ᠋ᠠᠨ ᠬᠤᠯᠪᠤᠭᠠᠲᠤ ᠬᠤᠰᠢᠭᠤ ᠲᠠᠭᠤᠤ ᠤᠷᠠᠯᠢᠭ ᠤᠨ ᠬᠡᠯᠪᠡᠷᠢ ᠪᠡᠷ ᠨᠠᠮ ᠤᠨ ᠠᠷᠪᠠ ᠶᠢᠰᠦᠲᠦᠭᠡᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠨ᠎ᠠ

2017-12-15 17:54

    ᠰᠢᠨᠬᠤᠧᠠ ᠮᠤᠩᠭ᠋ᠤᠯ ᠨᠧᠲ   ᠬᠦᠬᠡᠬᠤᠲᠠ ᠶᠢᠨ 12 ᠰᠠᠷ᠎ᠠ ᠶᠢᠨ 15 ᠤ ᠡᠲᠦᠷ ᠤᠨ ᠴᠠᠬᠢᠯᠭᠠᠨ ᠮᠡᠲᠡᠭᠡ  ᠰᠡᠬᠦᠯ ᠤᠨ ᠦᠶ᠎ᠠ ᠳᠤ᠂ ᠦᠪᠦᠷ ᠮᠤᠩᠭ᠋ᠤᠯ ᠤᠨ ᠪᠤᠭᠤᠲᠤ ᠬᠤᠲᠠ ᠶᠢᠨ ᠲᠠᠷᠬᠠᠨ ᠮᠤᠤᠮᠢᠩᠭ᠋ᠠᠨ ᠬᠤᠯᠪᠤᠭᠠᠲᠤ ᠬᠤᠰᠢᠭᠤᠨ ᠤ ᠪᠠᠶᠠᠠᠠᠤᠪᠤᠭ᠎ᠠ ᠰᠤᠮᠤᠨ ᠤ ᠪᠠᠶᠠᠨᠪᠤᠯᠠᠭ ᠭᠠᠴᠠᠭᠠᠨ ᠤ ᠨᠠᠮ ᠤᠨ ᠭᠡᠰᠢᠬᠦᠨ ᠭᠤᠤᠯᠯᠠᠬᠤ ᠡᠷᠦᠬᠡ ᠵᠢᠷᠭᠠᠯ ᠤᠨ ᠮᠤᠩᠭ᠋ᠤᠯ ᠭᠡᠷ ᠲᠤ ᠲᠤᠰ ᠰᠤᠮᠤᠨ ᠤ ᠤᠬᠠᠭᠤᠯᠬᠤ ᠭᠡᠰᠢᠬᠦᠨ ᠰᠢᠨᠠᠰᠤᠶᠤᠯ ᠨᠠᠮ ᠤᠨ ᠠᠷᠪᠠ ᠶᠢᠰᠦᠲᠦᠭᠡᠷ ᠶᠡᠬᠡ ᠬᠤᠷᠠᠯ ᠤᠨ ᠮᠡᠲᠡᠬᠦᠯᠦᠯᠲᠡ ᠶᠢᠨ ᠵᠠᠩᠬᠢᠯᠠᠭ᠎ᠠ ᠶᠢᠨ ᠦᠭᠡ ᠶᠢ ᠬᠤᠯᠪᠤᠭ᠎ᠠ ᠪᠤᠯᠭᠠᠨ ᠨᠠᠶᠢᠷᠠᠭᠤᠯᠵᠤ᠂ ᠮᠠᠯᠴᠢᠨ ᠲᠦᠮᠡᠨ ᠳ᠋ᠡᠭᠡᠨ ᠲᠠᠭᠤᠤ ᠤᠷᠠᠯᠢᠭ ᠤᠨ ᠬᠡᠯᠪᠡᠷᠢ ᠪᠡᠷ ᠤᠬᠠᠭᠤᠯᠤᠨ ᠲᠠᠶᠢᠯᠪᠤᠷᠢᠯᠠᠵᠤ ᠪᠠᠶᠢᠪᠠ᠃ ᠲᠡᠷᠡ ᠪᠡᠷ《ᠬᠤᠯᠪᠤᠭ᠎ᠠ ᠪᠤᠯ ᠮᠤᠩᠭ᠋ᠤᠯ ᠦᠨᠳᠦᠰᠦᠲᠡᠨ ᠤ ᠤᠯᠠᠮᠵᠢᠯᠠᠯᠲᠤ ᠲᠠᠭᠤᠤ ᠤᠷᠠᠯᠢᠭ ᠤᠨ ᠬᠡᠯᠪᠡᠷᠢ ᠪᠤᠯᠬᠤ ᠶᠤᠮ᠂ ᠲᠤᠭᠲᠤᠯᠤᠭᠰᠠᠨ ᠰᠡᠳᠬᠢᠯᠭᠡ ᠪᠠᠨ ᠲᠠᠷᠤᠵᠤ ᠶᠠᠲᠠᠨ ᠪᠠᠶᠠᠷ ᠵᠢᠷᠭᠠᠯᠲᠤ ᠠᠮᠢᠲᠤᠷᠠᠯ ᠶᠢᠡᠨ ᠮᠠᠭᠲᠠᠨ ᠲᠠᠭᠤᠯᠠᠵᠤ᠂ ᠦᠯᠢᠭᠡᠷ ᠬᠤᠯᠪᠤᠭ᠎ᠠ ᠶᠢᠨ ᠬᠡᠯᠪᠡᠷᠢ ᠪᠡᠷ ᠨᠠᠮ ᠤᠨ ᠠᠷᠪᠠ ᠶᠢᠰᠦᠲᠦᠭᠡᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠮᠠᠯᠴᠢᠨ ᠲᠦᠮᠡᠨ  ᠳᠡᠭᠡᠨ ᠲᠠᠮᠵᠢᠭᠤᠯᠤᠨ᠎ᠠ》 ᠭᠡᠵᠡᠢ᠃

    ᠲᠠᠷᠬᠠᠨ ᠮᠤᠤᠮᠢᠩᠭ᠋ᠠᠨ ᠬᠤᠯᠪᠤᠭᠠᠲᠤ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠬᠤᠰᠢᠭᠤ ᠤᠯᠠᠭᠠᠨᠮᠦ᠋ᠴᠢᠷ ᠤᠨ ᠲᠤᠭᠯᠠᠭᠴᠢᠳ ᠪᠠ ᠬᠦᠲᠡᠭᠡ ᠤᠷᠤᠨ ᠨᠤᠲᠤᠭ ᠤᠨ ᠤᠳᠬ᠎ᠠ ᠤᠷᠠᠯᠢᠭ ᠤᠨ ᠠᠵᠢᠯᠲᠠᠳ᠂ ᠲᠠᠭᠤᠤ ᠪᠦᠵᠢᠭ᠌ ᠤᠨ ᠨᠡᠶᠢᠭᠡᠮᠯᠢᠭ᠌ ᠤᠨ ᠭᠡᠰᠢᠬᠦᠳ ᠬᠠᠮᠲᠤᠷᠠᠨ ᠨᠠᠮ ᠤᠨ ᠠᠷᠪᠠ ᠶᠢᠰᠦᠲᠦᠭᠡᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠪᠠᠭ ᠪᠠᠶᠢᠭᠤᠯᠵᠤ᠂ ᠰᠤᠮᠤ ᠰᠢᠶᠠᠩ ᠪᠠᠯᠭᠠᠰᠤ ᠬᠤᠷᠢᠶᠠᠯᠠᠯ ᠶᠢᠡᠷ ᠬᠦᠷᠴᠦ᠂ ᠤᠷᠠᠨ ᠰᠠᠶᠢᠬᠠᠨ ᠤ ᠲᠤᠭᠯᠠᠯᠲᠠ ᠶᠢᠨ ᠬᠡᠯᠪᠡᠷᠢ ᠪᠡᠷ ᠨᠠᠮ ᠤᠨ ᠠᠷᠪᠠ ᠶᠢᠰᠦᠲᠦᠭᠡᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ᠎ᠠ᠃ 《ᠡᠶᠢᠮᠦᠷᠬᠦᠦ ᠬᠡᠯᠪᠡᠷᠢ ᠪᠡᠷ ᠤᠬᠠᠭᠤᠯᠤᠨ ᠲᠠᠶᠢᠯᠪᠤᠷᠢᠯᠠᠬᠤ ᠨᠢ ᠮᠠᠰᠢ ᠰᠢᠨ᠎ᠡ ᠰᠡᠪᠡᠭᠦᠨ ᠪᠦᠭᠡᠳ ᠲᠦᠭᠦᠮ ᠤᠶᠢᠯᠠᠭᠠᠮᠵᠢᠲᠠᠢ᠂ ᠬᠤᠵᠢᠮ ᠢᠯᠡᠬᠦᠬᠡᠨ ᠵᠤᠬᠢᠶᠠᠨ ᠪᠠᠶᠢᠭᠤᠯᠵᠤ ᠬᠠᠮᠲᠤ ᠪᠡᠷ ᠢᠶᠡᠨ ᠨᠠᠮ ᠤᠨ ᠠᠷᠪᠠ ᠶᠢᠰᠦᠲᠦᠭᠡᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠮᠠᠭᠲᠠᠨ ᠲᠠᠭᠤᠯᠠᠶ᠎ᠠ》ᠭᠡᠵᠦ ᠰᠠᠶ᠊ᠢᠬᠠᠨ ᠠᠵᠢᠯ ᠡᠴᠡ ᠪᠠᠨ ᠠᠮᠠᠷᠠᠭᠰᠠᠨ ᠠᠬᠠᠮᠠᠳ ᠨᠠᠮ ᠤᠨ ᠭᠡᠰᠢᠬᠦᠨ ᠰᠠᠷᠠᠨᠭᠡᠷᠡᠯ ᠨᠠᠰᠤᠲᠠᠨ ᠬᠠᠨᠤᠮᠵᠢᠲᠠᠶᠢᠬᠠᠨ ᠶᠠᠷᠢᠨ᠎ᠠ᠃

    ᠲᠤᠰ ᠬᠤᠰᠢᠭᠤ ᠨᠠᠮ ᠤᠨ ᠠᠷᠪᠠ ᠶᠢᠰᠦᠲᠦᠭᠡᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠲᠠᠭᠤᠤ ᠤᠷᠠᠯᠢᠭ ᠤᠨ ᠬᠡᠯᠪᠡᠷᠢ ᠪᠡᠷ ᠤᠬᠠᠭᠤᠯᠤᠨ ᠲᠠᠶᠢᠯᠪᠤᠷᠢᠯᠠᠵᠤ ᠪᠠᠶᠢᠬᠤ ᠪᠡᠷ ᠪᠠᠷᠠᠬᠤ ᠦᠭᠡᠢ 《ᠬᠤᠪᠢᠷᠠᠯᠲᠠ ᠬᠦᠭ᠍ᠵᠢᠯᠲᠠ ᠪᠠᠨ ᠪᠠᠬᠠᠲᠤᠨ ᠬᠠᠷᠠᠵᠤ ᠠᠮᠵᠢᠯᠲᠠ ᠪᠦᠲᠦᠮᠵᠢ ᠪᠠᠨ ᠮᠠᠭᠲᠠᠨ ᠰᠢᠯᠦᠭᠯᠡᠶ᠎ᠡ》ᠬᠡᠮᠡᠬᠦ ᠭᠤᠤᠯ ᠰᠡᠲᠦᠪᠲᠦ ᠴᠤᠪᠤᠷᠠᠯ ᠠᠷᠭ᠎ᠠ ᠬᠡᠮᠵᠢᠶ᠎ᠡ ᠵᠤᠬᠢᠶᠠᠨ ᠪᠠᠶᠢᠭᠤᠯᠵᠤ᠂ ᠤᠷᠠᠨ ᠢᠯᠡᠳᠭᠡᠯ᠂ ᠨᠤᠮ ᠤᠩᠰᠢᠬᠤ᠂ ᠮᠡᠲᠡᠯᠭᠡ ᠶᠢᠨ ᠮᠦᠷᠦᠶᠢᠴᠡᠭᠡᠨ᠂ ᠤᠷᠠᠨ ᠪᠢᠴᠢᠯᠭᠡ ᠤᠷᠠᠨ ᠵᠢᠷᠤᠭ ᠤᠨ ᠦᠵᠡᠬᠦᠯᠦᠯᠭᠡ ᠵᠡᠷᠭᠡ ᠤᠯᠠᠨ ᠲᠦᠷᠦᠯ ᠤᠨ ᠠᠵᠢᠯᠯᠠᠭ᠎ᠠ ᠵᠤᠬᠢᠶᠠᠨ ᠪᠠᠶᠢᠭᠤᠯᠤᠭᠰᠠᠨ ᠶᠢᠡᠷ ᠤᠯᠠᠨ ᠲᠦᠮᠡᠨ ᠤ ᠤᠷᠤᠯᠴᠠᠭ᠎ᠠ ᠲᠠᠢ ᠭᠦᠨ ᠭᠦᠨᠵᠡᠭᠡᠢ ᠠᠴᠢ ᠬᠤᠯᠪᠤᠭᠲᠠᠯ ᠲᠠᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠤᠯᠭᠠᠪᠠ᠃ (ᠨᠡᠶᠢᠳᠡᠯᠡᠯ ᠵᠢᠷᠤᠭ ᠢ ᠦᠪᠦᠷ ᠮᠤᠩᠭ᠋ᠤᠯ ᠤᠨ ᠳᠠᠷᠬᠠᠨ ᠮᠤᠤᠮᠢᠩᠭ᠋ᠠᠨ ᠬᠤᠯᠪᠤᠭᠠᠳᠤ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠤᠨ ᠸᠠᠩ ᠸᠸᠨ ᠶᠢᠩ ) 

ᠢᠷᠡᠯᠳᠡ᠄ ᠰᠢᠨᠬᠤᠧᠠ ᠮᠤᠩᠭ᠋ᠤᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122118070