蒙古文网站Logo
ᠰᠢᠨᠬᠤᠸᠠ ᠮᠤᠩᠭ᠋ᠤᠯ ᠨᠧᠲ

ᠹᠦᠰᠢᠨ᠄ ᠨᠡᠶᠢᠲᠡ ᠶᠢᠨ ᠠᠦ᠋ᠲ᠋ᠤᠪᠦ᠋ᠰ ᠸᠢᠴᠠᠲ ᠶᠢᠡᠷ ᠲᠤᠭᠠᠴᠠᠭ᠎ᠠ ᠬᠢᠵᠦ ᠲᠡᠶᠢᠯᠬᠦ ᠪᠤᠯᠪᠠ

2017-12-25 11:57

    ᠰᠡᠬᠦᠯ ᠤᠨ ᠦᠶ᠎ᠠ ᠳ᠋ᠤ ᠹᠦᠰᠢᠨ ᠤ ᠬᠤ ᠶᠦᠸᠸ ᠤᠬᠠᠭᠠᠯᠢᠭ ᠨᠡᠶᠢᠲᠡ ᠶᠢᠨ ᠠᠦ᠋ᠲ᠋ᠤᠪᠦ᠋ᠰ ᠢ ᠠᠰᠢᠭᠯᠠᠯᠲᠠ ᠳ᠋ᠤ ᠤᠷᠤᠭᠤᠯᠬᠤ ᠬᠡᠪᠯᠡᠯ ᠮᠡᠲᠡᠭᠡᠯᠡᠯ ᠤᠨ ᠪᠠᠭ᠎᠎ᠠ ᠬᠤᠷᠠᠯ ᠪᠤᠯᠪᠠ᠃

    ᠤᠶᠢᠯᠠᠭᠠᠭᠰᠠᠨ ᠶᠢᠡᠷ᠂ ᠡᠨᠡ ᠤᠨ ᠤ 4 ᠰᠠᠷ᠎ᠠ ᠶᠢᠨ 24 ᠤ ᠡᠲᠦᠷ ᠹᠦᠰᠢᠨ ᠬᠤᠲᠠ ᠶᠢᠨ ᠵᠠᠮ ᠬᠠᠷᠢᠯᠴᠠᠭᠠᠨ ᠤ ᠲᠤᠪᠴᠢᠶ᠎ᠠ ᠪᠤᠯᠤᠨ ᠯᠢᠶᠤᠤᠨᠢᠩ ᠤᠨ ᠬᠤ ᠶᠦᠸᠸ ᠠᠶᠠᠨᠴᠢᠳ ᠤᠨ ᠮᠠᠰᠢᠨ ᠲᠡᠷᠭᠡᠨ ᠤ ᠬᠤᠪᠢᠴᠠᠭᠠᠲᠤ ᠺᠤᠮᠫᠠᠨᠢ ᠹᠦᠰᠢᠨ ᠬᠤᠲᠠ ᠶᠢᠨ ᠨᠡᠶᠢᠲᠡ ᠶᠢᠨ ᠠᠦ᠋ᠲ᠋ᠤᠪᠦ᠋ᠰ ᠤᠨ ᠺᠤᠮᠫᠠᠨᠢ ᠶᠢᠨ ᠤᠯᠤᠰ ᠤᠨ ᠦᠮᠴᠢᠯᠡᠯ ᠤᠨ ᠡᠷᠬᠡ ᠶᠢ ᠰᠢᠯᠵᠢᠬᠦᠯᠬᠦ ᠶᠤᠰᠤᠯᠠᠯ ᠪᠤᠯᠪᠠ᠃ ᠤᠲᠤᠬᠠᠨ ᠳᠤ ᠲᠤᠰ ᠺᠤᠮᠫᠠᠨᠢ ᠡᠴᠡ 210 ᠰᠢᠨ᠎ᠡ ᠮᠠᠶ᠊ᠢᠭ ᠤᠨ ᠡᠨᠧᠷᠬᠢ ᠠᠷᠪᠢᠯᠠᠬᠤ ᠮᠠᠰᠢᠨ ᠲᠡᠷᠭᠡ ᠶᠢ ᠠᠰᠢᠭᠯᠠᠯᠲᠠ ᠳᠤ ᠤᠷᠤᠭᠤᠯᠵᠤ᠂ ᠪᠦᠬᠦᠶᠢᠯᠡ ᠨᠡᠶᠢᠲᠡ ᠶᠢᠨ ᠠᠦ᠋ᠲ᠋ᠤᠪᠦ᠋ᠰ ᠤᠨ 63% ᠶ᠋ᠢ ᠡᠵᠡᠯᠡᠪᠡ᠃ ᠡᠭᠦᠨ ᠡᠴᠡ ᠭᠠᠲᠠᠨ᠎ᠠ ᠹᠦᠰᠢᠨ ᠬᠤᠲᠠ ᠶᠢᠨ ᠤᠬᠠᠭᠠᠯᠢᠭ ᠬᠤᠲᠠ᠂ ᠤᠬᠠᠭᠠᠯᠢᠭ ᠵᠠᠮ ᠬᠠᠷᠢᠯᠴᠠᠭ᠎ᠠ ᠶᠢ ᠪᠠᠶᠢᠭᠤᠯᠬᠤ ᠲᠦᠰᠦᠯ ᠰᠢᠨ᠎ᠡ ᠠᠬᠢᠯᠲᠠ ᠲᠠᠢ ᠪᠤᠯᠵᠤ ᠢᠷᠭᠡᠳ ᠲᠤ ᠲᠦᠭᠦᠮ ᠦᠵᠡᠬᠦᠯᠵᠦ ᠪᠠᠶᠢᠨ᠎ᠠ᠃ ᠬᠤᠲᠠ ᠶᠢᠨ ᠢᠷᠭᠡᠳ ᠺᠠᠷᠲ ᠶᠢᠡᠷ ᠨᠡᠶᠢᠲᠡ ᠶᠢᠨ ᠠᠦ᠋ᠲ᠋ᠤᠪᠦ᠋ᠰ᠂ ᠲᠦᠷᠢᠶᠡᠰᠦᠨ ᠮᠠᠰᠢᠨ᠂ ᠮᠧᠲ᠋ᠷᠤ᠋ ᠳ᠋ᠤ ᠰᠠᠭᠤᠵᠤ ᠪᠤᠯᠬᠤ ᠪᠦᠭᠡᠳ 170 ᠭᠠᠷᠤᠢ ᠲᠤᠭᠤᠷᠢᠭ ᠤᠨ ᠵᠡᠷᠭᠡᠯᠡᠯ ᠤᠨ ᠬᠤᠲᠠ ᠬᠤᠭᠤᠷᠤᠨᠲᠤ ᠬᠠᠷᠢᠯᠴᠠᠨ ᠨᠡᠪᠲᠡᠷᠡᠵᠦ ᠪᠤᠯᠬᠤ ᠪᠦᠭᠡᠳ ᠸᠢᠴᠠᠲ ᠶᠢᠡᠷ ᠨᠠᠶᠢᠲᠠ ᠶᠢᠨ ᠠᠦ᠋ᠲ᠋ᠤᠪᠦ᠋ᠰ ᠤᠨ ᠤᠷᠤᠨ ᠪᠠᠶᠢᠷᠢ ᠶᠢ ᠬᠠᠶᠢᠬᠤ᠂ ᠲᠤᠭᠠᠴᠠᠭ᠎ᠠ ᠬᠢᠬᠦ ᠵᠡᠷᠭᠡ ᠴᠢᠲᠠᠮᠵᠢ ᠶᠢ ᠪᠦᠷᠢᠯᠲᠦᠬᠦᠯᠦᠭᠰᠡᠨ ᠪᠠᠶᠢᠨ᠎ᠠ᠃

ᠢᠷᠡᠯᠳᠡ᠄ ᠯᠢᠶᠤᠤᠨᠢᠩ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122162989