蒙古文网站Logo
ᠰᠢᠨᠬᠤᠸᠠ ᠮᠤᠩᠭ᠋ᠤᠯ ᠨᠧᠲ

ᠬᠤᠪᠤᠭᠰᠠᠶᠢᠷ ᠮᠤᠩᠭᠤᠯ ᠦᠪᠠᠷᠳᠠᠭᠡᠨ ᠵᠠᠰᠠᠬᠣ ᠰᠢᠶᠠᠨ ᠤ ᠨᠠᠮ ᠤᠨ ᠬᠤᠷᠢᠶ᠎ᠠ ᠠᠷᠪᠠᠨ ᠬᠣᠶᠠᠳᠤᠭᠠᠷ ᠬᠤᠭᠤᠴᠠᠭᠠᠨ ᠤ ᠲᠠᠪᠤᠳᠤᠭᠠᠷ ᠤᠳᠠᠭᠠᠨ ᠤ ᠪᠦᠭᠦ ᠭᠡᠰᠢᠭᠦᠳ ᠤᠨ ᠦᠷᠭᠡᠳᠭᠡᠭᠰᠡᠨ ᠬᠤᠷᠠᠯ ᠬᠤᠷᠠᠯᠳᠤᠭᠤᠯᠪᠠ

2018-01-09 15:59

    ᠰᠢᠨᠬᠤᠧᠠ ᠮᠤᠩᠭᠤᠯ ᠨᠧᠲ   ᠬᠦᠬᠡᠬᠤᠳᠠ ᠶᠢᠨ 1 ᠰᠠᠷ᠎ᠠ ᠶᠢᠨ 9 ᠤ ᠡᠳᠦᠷ ᠤᠨ ᠴᠠᠬᠢᠯᠭᠠᠨ ᠮᠡᠳᠡᠬᠡ 1 ᠰᠠᠷ᠎ᠠ ᠶ᠋ᠢᠨ 8 ᠤ ᠡᠳᠤᠷ᠂ ᠬᠤᠪᠤᠭᠰᠠᠶᠢᠷ ᠮᠤᠩᠭᠤᠯ ᠦᠪᠠᠷᠳᠠᠭᠡᠨ ᠵᠠᠰᠠᠬᠣ ᠰᠢᠶᠠᠨ ᠤ ᠨᠠᠮ ᠤᠨ ᠬᠤᠷᠢᠶ᠎ᠠ ᠶᠢᠨ ᠠᠷᠪᠠᠨ ᠬᠣᠶᠠᠳᠤᠭᠠᠷ ᠬᠤᠭᠤᠴᠠᠭᠠᠨ ᠤ ᠲᠠᠪᠤᠳᠤᠭᠠᠷ ᠤᠳᠠᠭᠠᠨ ᠤ ᠪᠦᠭᠦ ᠭᠡᠰᠢᠭᠦᠳ ‍ᠤᠨ ᠦᠷᠭᠡᠳᠭᠡᠭᠰᠡᠨ ᠬᠤᠷᠠᠯ ‍ᠢ ᠰᠢᠶᠠᠨ ‍ᠤ ᠶᠡᠷᠤᠩᠭᠡᠶᠢᠯᠡᠭᠰᠡᠡ ᠠᠰᠠᠷ ‍ᠤᠨ ᠨᠢᠭᠡᠳᠤᠭᠡᠷ ᠠᠰᠠᠷ ‍ᠤᠨ ᠬᠤᠷᠠᠯ ‍ᠤᠨ ᠭᠡᠷ ᠲᠤ ᠬᠤᠷᠠᠯᠳᠤᠪᠠ᠃ ᠪᠥᠭᠥ ᠰᠢᠶᠠᠨ ‍ᠤ ᠰᠤᠮᠤ᠂ ᠪᠠᠯᠭᠠᠰᠤ᠂ ᠲᠠᠯᠠᠪᠠᠢ᠂ ᠰᠢᠶᠠᠨ ‍ᠤ ᠠᠯᠪᠠᠨ ᠪᠠᠶᠢᠭᠤᠯᠤᠯᠭ᠎ᠠ ᠶ᠋ᠢᠨ ᠤᠳᠤᠷᠢᠳᠤᠯᠭ᠎ᠠ ᠨᠡᠶᠢᠳᠡ 400 ᠭᠠᠷᠤᠢ ᠭᠥᠮᠤᠨ ᠬᠤᠷᠠᠯ ᠳᠤ ᠣᠷᠤᠯᠴᠠᠪᠠ᠃

    ᠬᠤᠷᠠᠯ ᠳᠤ᠂ ᠰᠢ ᠵᠢᠨ ᠫᠢᠩ ‍ᠤᠨ ᠰᠢᠨ᠎ᠠ ᠴᠠᠭ ᠦᠶ᠎ᠠ ᠶ᠋ᠢᠨ ᠲᠤᠮᠳᠠᠳᠤ ᠤᠯᠤᠰ ‍ᠤᠨ ᠤᠨᠴᠠᠯᠢᠭ ᠲᠠᠢ ᠨᠠᠶᠢᠭᠡᠮ ᠵᠢᠷᠤᠮᠳᠤ ᠨᠠᠶᠢᠭᠡᠮ ‍ᠤᠨ ᠦᠵᠠᠯᠳᠠ ᠪᠠᠷ ᠭᠤᠤᠯ ᠪᠤᠯᠭᠠᠨ᠂ ᠨᠠᠮ ‍ᠤᠨ ᠠᠷᠪᠠ ᠶᠢᠰᠤᠳᠤᠭᠡᠷ ᠶᠠᠭᠡ ᠬᠤᠷᠠᠯ ᠪᠤᠯᠤᠨ ᠲᠦᠪ ᠬᠤᠷᠢᠶᠠᠨ ᠤ ᠡᠳ᠋ ᠤᠨ ᠵᠠᠰᠠᠭ ᠤᠨ ᠠᠵᠢᠯ ‍ᠤᠨ ᠬᠤᠷᠠᠯ ᠤᠨ ᠵᠤᠷᠢᠭ ᠰᠠᠨᠠᠭ᠎ᠠ ᠶᠢ ᠭᠦᠨᠵᠠᠭᠡᠶᠢᠷᠠᠨ ᠲᠤᠤᠱᠯᠠᠭᠤᠯᠵᠤ᠂ ᠦᠪᠠᠷᠳᠠᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠶᠢᠰᠤᠳᠤᠭᠡᠷ ᠬᠤᠭᠤᠴᠠᠭᠠᠨ ᠤ ᠲᠦᠷᠪᠠᠳᠤᠭᠡᠷ ᠤᠳᠠᠭᠠᠨ ᠤ ᠪᠦᠭᠦ ᠭᠡᠰᠢᠭᠦᠳ ‍ᠤᠨ ᠬᠤᠷᠠᠯ᠂ ᠡᠳ᠋ ᠤᠨ ᠵᠠᠰᠠᠭ ᠤᠨ ᠬᠤᠷᠠᠯ ᠪᠤᠯᠤᠨ ᠠᠶᠢᠮᠠᠭ ‍ᠤᠨ ᠦᠷᠭᠡᠳᠭᠡᠭᠰᠡᠨ ᠬᠤᠷᠠᠯ ‍ᠤᠨ ᠵᠤᠷᠢᠭ ᠰᠠᠨᠠᠭ᠎ᠠ ᠶ᠋ᠢ ᠦᠨᠳᠤᠰᠤᠯᠡᠨ᠂ 2017 ᠤᠨ ᠤ ᠠᠵᠢᠯ ‍ᠢ ᠬᠤᠷᠢᠶᠠᠩᠭᠤᠶᠢᠯᠠᠵᠤ᠂ ᠨᠢᠳᠤᠨ ᠡᠮᠤᠨᠠᠭᠢ ᠨᠢᠭᠡ ᠭᠡᠰᠠᠭ᠌ ᠬᠤᠭᠤᠴᠠᠭᠠᠨ ᠤ ᠭᠤᠤᠯ ᠠᠵᠢᠯ ‍ᠤᠨ ᠪᠠᠶᠢᠷᠢᠰᠢᠭᠤᠯᠤᠯᠳᠠ ᠶᠢ ᠭᠢᠵᠤ᠂ ᠪᠦᠭᠦ ᠰᠢᠶᠠᠨ ᠤ ᠡᠯ᠎ᠠ ᠦᠨᠳᠤᠰᠤᠳᠠᠨ ᠤ ᠺᠠᠳ᠋ᠷ ᠣᠯᠠᠨ ᠲᠦᠮᠠᠨ ‍ᠢ ᠤᠭ ᠵᠤᠷᠢᠯᠳᠠ ᠪᠠᠨ ᠮᠠᠷᠳᠠᠬᠤ ᠦᠭᠡᠢ ᠪᠠᠷ ᠡᠭᠦᠷᠭᠡ ᠬᠠᠷᠢᠴᠠᠭᠤᠯᠭ᠎ᠠ ᠪᠠᠨ ᠪᠠᠳᠤ ᠴᠠᠭᠡᠵᠢᠯᠠᠨ᠂ ᠶᠠᠷᠤᠩᠭᠡᠢ ᠬᠠᠷᠠᠯᠳᠠ ᠶ᠋ᠢᠨ ᠲᠤᠭᠤᠷᠢᠨ ᠳ᠋ᠤ ᠪᠦᠭᠦ ᠲᠠᠯ᠎ᠠ ᠪᠠᠷ ᠠᠶᠢᠮᠠᠭ ‍ᠤᠨ ᠲᠤᠷᠠᠳᠤᠭᠰᠠᠨ《ᠡᠶ᠎ᠡ ᠵᠤᠭᠢᠴᠠᠩᠭᠤᠢ ᠲᠤᠭᠳᠠᠪᠤᠷᠢᠵᠢᠯ ᠲᠠᠢ ᠪᠠᠷ ᠬᠤᠪᠢ ᠨᠠᠮᠠᠷᠢ ᠡᠷᠭᠦᠨ᠂ ᠡᠳ᠋ ᠤᠨ ᠵᠠᠰᠠᠭ ᠤᠨ ᠭᠦᠭᠵᠢᠯᠳᠠ ᠳ᠋ᠤ ᠪᠤᠳᠠᠳᠠᠢ ᠦᠷ᠎ᠠ ᠪᠦᠳᠤᠮᠵᠢ ᠭᠠᠷᠭᠠᠨ᠂ ᠠᠷᠠᠳ ‍ᠤᠨ ᠠᠮᠢᠳᠤᠷᠠᠯ ‍ᠢ ᠰᠠᠶᠢᠵᠢᠷᠠᠭᠤᠯᠬᠤ ᠶ᠋ᠢ ᠭᠤᠤᠯᠳᠠᠯᠭ᠎ᠠ ᠪᠠᠨ ᠪᠣᠯᠭᠠᠵᠥ᠂ ᠦᠨᠳᠤᠰᠤᠨ ᠱᠠᠳᠤᠨ ᠤ ᠳᠡᠳ᠋ ᠪᠦᠳᠦᠴᠡ ᠶᠢᠨ ᠲᠦᠪᠰᠢᠨ ‍ᠢ ᠰᠠᠶᠢᠵᠢᠷᠠᠭᠤᠯᠬᠤ 》ᠶᠠᠷᠤᠩᠭᠡᠢ ᠱᠠᠭᠠᠷᠳᠠᠯᠭ᠎ᠠ ᠶ᠋ᠢ ᠴᠢᠷᠮᠠᠶᠢᠨ ᠪᠥᠳᠥᠭᠡᠵᠥ᠂ ᠡᠩᠭᠡ ᠲᠠᠶᠢᠪᠤᠩ ᠠᠮᠢ ᠠᠬᠤᠢ ᠡᠪ ᠵᠣᠭᠢᠴᠠᠯ ᠲᠠᠢ ᠬᠣᠪᠤᠭᠰᠠᠶᠢᠷ ᠤᠨ ᠰᠢᠨ᠎ᠠ ᠲᠦᠷᠰᠤ ᠪᠠᠶᠢᠳᠠᠯ ‍ᠢ ᠪᠤᠢ ᠪᠤᠯᠭᠠᠨ᠎ᠠ ᠭᠡᠪᠡ᠃ ᠡᠶᠢᠨᠬᠦ ᠬᠤᠷᠠᠯ ᠡᠴᠡ 2017 ᠣᠨ ‍ᠤ ᠠᠵᠢᠯ ᠠᠮᠵᠢᠯᠳᠠ ᠪᠠᠨ ᠬᠤᠷᠢᠶᠠᠩᠭᠤᠶᠢᠯᠠᠵᠥ᠂ 2018 ᠣᠨ ‍ᠤ ᠠᠵᠢᠯ ‍ᠤᠨ ᠲᠦᠯᠦᠪᠯᠡᠬᠡ ᠪᠠᠨ ᠳᠤᠷᠠᠳᠴᠤ ᠭᠠᠷᠭᠠᠪᠠ᠃ (ᠨᠡᠶᠢᠳᠡᠯᠡᠯ ᠵᠢᠷᠤᠭ ᠢ ᠰᠢᠨᠵᠢᠶᠠᠩ ᠤᠨ ᠬᠤᠪᠤᠭᠰᠠᠶᠢᠷ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠤᠨ ᠪᠤᠯᠭᠤᠨ᠂ ᠠ‍᠂ ᠪᠠᠬᠠᠳᠭᠥᠯ)

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
关闭
010070230030000000000000011120701122233360