蒙古文网站Logo
ᠰᠢᠨᠬᠤᠸᠠ ᠮᠤᠩᠭ᠋ᠤᠯ ᠨᠧᠲ

ᠠᠯᠦᠰ ᠤᠨ ᠬᠠᠷᠠᠭ᠎ᠠ ᠲᠠᠢ《ᠦᠯᠢᠭᠡᠷ ᠤᠨ ᠪᠠᠭᠤᠴᠠ》

2018-01-12 09:49

    ᠰᠢᠨᠬᠤᠧᠠ ᠮᠤᠩᠭ᠋ᠤᠯ ᠨᠸᠲ   ᠬᠦᠬᠡᠬᠤᠲᠠ ᠶᠢᠨ 1 ᠰᠠᠷ᠎ᠠ ᠶᠢᠨ 11 ᠤ ᠡᠲᠦᠷ ᠤᠨ ᠴᠠᠬᠢᠯᠭᠠᠨ ᠮᠡᠲᠡᠭᠡ   1 ᠰᠠᠷ᠎ᠠ ᠶᠢᠨ 6 ᠤ ᠡᠲᠦᠷ ᠦᠪᠦᠷ ᠮᠤᠩᠭ᠋ᠤᠯ ᠤᠨ ᠵᠡᠬᠦᠨ ᠦᠵᠦᠮᠦᠴᠢᠨ ᠬᠤᠰᠢᠭᠤᠨ ᠤ ᠨᠤᠮ ᠤᠨ ᠰᠠᠩ 《ᠬᠠᠶᠢᠷ᠎ᠠ ᠶᠢᠨ ᠪᠦᠦᠪᠡᠢ ᠲᠠᠢ ᠦᠯᠢᠭᠡᠷ ᠤᠨ ᠪᠠᠭᠤᠴᠠ》ᠬᠡᠦᠬᠡᠳ ᠪᠠᠭᠠᠴᠤᠳ ᠬᠢᠭᠡᠳ ᠭᠡᠷ ᠤᠨ ᠠᠬᠠᠮᠠᠳ ᠲᠤ ᠵᠤᠷᠢᠭᠤᠯᠤᠭᠰᠠᠨ ᠰᠤᠶᠤᠯ ᠤᠨ ᠭᠠᠷᠠᠭ ᠤᠨ ᠠᠵᠢᠯᠯᠠᠭ᠎ᠠ ᠶᠠᠪᠤᠭᠲᠠᠭᠤᠯᠪᠠ᠃

    ᠡᠨᠡᠬᠦ ᠠᠵᠢᠯᠯᠠᠭᠠᠨ ᠳ᠋ᠤ ᠲᠤᠰ ᠬᠤᠰᠢᠭᠤᠨ ᠤ ᠱᠠᠭ᠎ᠠ ᠲᠤᠭᠯᠠᠭᠠᠮ ᠤᠨ ᠬᠤᠰᠢᠭᠤᠨ ᠵᠡᠷᠭᠡᠯᠡᠯ ᠤᠨ ᠪᠡᠶᠡᠲᠦ ᠪᠤᠰᠤ ᠰᠤᠶᠤᠯ ᠤᠨ ᠦᠪ ᠤᠨ ᠦᠪᠯᠡᠨ ᠤᠯᠠᠮᠵᠢᠯᠠᠭᠴᠢ ᠬᠦᠮᠦᠵᠢᠯᠲᠦ ᠶᠢ ᠤᠷᠢᠵᠤ 《ᠠᠯᠲᠠ ᠮᠦᠩᠬᠦᠨ ᠱᠠᠭ᠎ᠠ》ᠮᠤᠩᠭ᠋ᠤᠯ ᠠᠷᠠᠳ ᠤᠨ ᠠᠮᠠᠨ ᠦᠯᠢᠭᠡᠷ ᠶᠠᠷᠢᠭᠤᠯᠬᠤ ᠶᠢᠨ ᠬᠠᠮᠲᠤ ᠱᠠᠭ᠎ᠠ ᠲᠤᠭᠯᠠᠭᠠᠮ ᠤᠨ ᠦᠦᠬᠡ ᠲᠡᠦᠬᠡ᠂ ᠲᠤᠭᠯᠠᠬᠤ ᠠᠷᠭ᠎ᠠ ᠬᠡᠯᠪᠡᠷᠢ᠂ ᠨᠠᠭᠠᠲᠤᠮ ᠵᠢᠮ᠎ᠠ ᠭᠤᠷᠢᠮ ᠵᠡᠷᠭᠡ ᠶᠢ ᠪᠠᠭᠲᠠᠭᠠᠭᠰᠠᠨ ᠤᠯᠠᠨ ᠲᠠᠯ᠎ᠠ ᠶᠢᠨ ᠠᠭᠤᠯᠭ᠎ᠠ ᠶᠢ ᠲᠠᠨᠢᠯᠴᠠᠭᠤᠯᠵᠤ ᠬᠡᠦᠬᠡᠳ ᠪᠠᠭᠠᠴᠤᠳ᠂ ᠭᠡᠷ ᠤᠨ ᠠᠬᠠᠮᠠᠳ ᠤᠨ ᠲᠤᠷ᠎ᠠ ᠰᠤᠨᠢᠷᠬᠠᠯ ᠢ ᠶᠡᠬᠡ ᠪᠡᠷ ᠲᠠᠲᠠᠭᠰᠠᠨ ᠪᠠᠶᠢᠨ᠎ᠠ᠃

    ᠱᠠᠭ᠎ᠠ ᠰᠤᠶᠤᠯ ᠢ ᠤᠯᠠᠮ ᠰᠠᠶᠢᠨ ᠤᠶᠢᠯᠠᠭᠠᠭᠤᠯᠬᠤ᠂ ᠠᠵᠢᠯᠯᠠᠭᠠᠨ ᠤ ᠠᠭᠤᠷ ᠠᠮᠢᠰᠬᠤᠯ ᠢ  ᠨᠡᠩ ᠬᠦᠭ᠍ᠵᠢᠭᠡᠬᠦ ᠪᠡᠷ ᠭᠡᠷ ᠤᠨ ᠠᠬᠠᠮᠠᠳ ᠤᠨ ᠰᠠᠶ᠊ᠢᠩ᠂ ᠬᠡᠦᠬᠡᠳ ᠪᠠᠭᠠᠴᠤᠳ ᠤᠨ ᠮᠤᠷᠢ ᠤᠷᠤᠯᠲᠤᠬᠤ᠂ ᠪᠦᠬᠡ ᠪᠠᠷᠢᠯᠲᠤᠬᠤ ᠵᠡᠷᠭᠡ ᠱᠠᠭ᠎ᠠ ᠲᠤᠭᠯᠠᠭᠠᠮ ᠤᠨ ᠲᠦᠷᠦᠯ ᠵᠦᠢᠯ ᠲᠤᠬᠢᠷᠠᠭᠤᠯᠵᠤ ᠲᠡᠲᠡᠨᠦᠰ ᠤᠨ ᠭᠠᠷᠠᠭ ᠤᠨ ᠰᠡᠬᠦᠯᠴᠢ ᠶᠢᠨ ᠠᠮᠠᠷᠠᠯᠲᠠ ᠪᠠᠨ ᠠᠶ᠎ᠠ ᠲᠤᠬᠠᠲᠠᠢ ᠦᠩᠭᠡᠷᠡᠬᠦᠯᠬᠦ ᠳ᠋ᠤ ᠰᠠᠶᠢᠬᠠᠨ ᠪᠤᠯᠤᠮᠵᠢ ᠬᠠᠩᠭ᠋ᠠᠭᠰᠠᠨ ᠶᠤᠮ᠃

    ᠤᠶᠢᠯᠠᠭᠠᠭᠰᠠᠨ ᠶᠢᠡᠷ᠂ ᠵᠡᠬᠦᠨ ᠦᠵᠦᠮᠦᠴᠢᠨ ᠬᠤᠰᠢᠭᠤᠨ ᠤ ᠨᠤᠮ ᠤᠨ ᠰᠠᠩ ᠨᠢ ᠭᠠᠷᠠᠭ ᠪᠦᠷᠢ ᠶᠢᠨ ᠭᠠᠷᠠᠭ ᠤᠨ ᠵᠢᠷᠭᠤᠭᠠᠨ ᠤ ᠦᠲᠡ ᠡᠴᠡ ᠬᠤᠶᠢᠨ᠎ᠠ《ᠬᠠᠶᠢᠷ᠎ᠠ ᠶᠢᠨ ᠪᠦᠦᠪᠡᠢ ᠲᠠᠢ ᠦᠯᠢᠭᠡᠷ ᠤᠨ ᠪᠠᠭᠤᠴᠠ》ᠰᠤᠶᠤᠯ ᠤᠨ ᠠᠵᠢᠯᠯᠠᠭ᠎ᠠ ᠶᠠᠪᠤᠭᠤᠯᠬᠤ ᠪᠡᠷ ᠲᠤᠭᠲᠠᠵᠤ᠂ ᠪᠠᠭᠰᠢ ᠤᠷᠢᠵᠤ ᠦᠯᠢᠭᠡᠷ ᠶᠠᠷᠢᠭᠤᠯᠬᠤ᠂ ᠭᠡᠷ ᠤᠨ ᠠᠬᠠᠮᠠᠳ ᠢ ᠤᠷᠢᠵᠤ ᠦᠯᠢᠭᠡᠷ ᠶᠠᠷᠢᠭᠤᠯᠬᠤ᠂ ᠬᠡᠦᠬᠡᠳ ᠪᠠᠭᠠᠴᠤᠳ ᠶᠢᠡᠷ ᠦᠯᠢᠭᠡᠷ ᠶᠠᠷᠢᠭᠤᠯᠬᠤ ᠵᠡᠷᠭᠡ ᠠᠷᠭ᠎ᠠ ᠪᠠᠷᠢᠯ ᠶᠢᠡᠷ ᠬᠡᠦᠬᠡᠳ ᠪᠠᠭᠠᠴᠤᠳ ᠤᠨ ᠨᠤᠮ ᠤᠩᠰᠢᠬᠤ ᠤᠷᠮ᠎ᠠ ᠪᠠᠬ᠎ᠠ ᠶᠢ ᠨᠢ ᠬᠦᠭ᠍ᠵᠢᠭᠡᠨ᠂ ᠠᠪᠢᠶᠠᠰ ᠪᠢᠯᠢᠭ᠌ ᠢ ᠨᠢ ᠲᠡᠯᠡᠵᠦ᠂ ᠤᠲᠤ ᠪᠤᠯᠬᠤ 11 ᠳ᠋ᠡᠬᠢ ᠤᠲᠠᠭ᠎ᠠ ᠪᠠᠨ ᠠᠮᠵᠢᠯᠲᠠ ᠲᠠᠢ ᠵᠤᠬᠢᠶᠠᠨ ᠪᠠᠶᠢᠭᠤᠯᠵᠤ᠂ ᠲᠠᠪᠬᠤᠷᠲᠠᠭᠰᠠᠨ ᠲᠤᠭ᠎ᠠ ᠪᠡᠷ 400 ᠭᠠᠷᠤᠢ ᠬᠦᠮᠦᠰ ᠤᠷᠤᠯᠴᠠᠭᠰᠠᠨ ᠪᠠᠶᠢᠨ᠎ᠠ᠃ (ᠨᠡᠶᠢᠲᠡᠯᠡᠯ ᠵᠢᠷᠤᠭ ᠢ ᠵᠡᠬᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠠᠰᠬᠤᠯᠠᠩ )

ᠢᠷᠡᠯᠳᠡ᠄ ᠰᠢᠨᠬᠤᠧᠠ ᠮᠤᠩᠭ᠋ᠤᠯ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠯᠤᠰ ᠤᠨ ᠬᠡᠪᠯᠡᠯ ᠮᠡᠳᠡᠭᠡᠯᠡᠯ ᠷᠠᠳᠢᠣ᠋ ᠲᠧᠯᠸᠶ᠋ᠰ ᠤᠨ ᠶᠡᠷᠦᠩᠬᠡᠢ ᠲᠤᠪᠴᠢᠶ᠎ᠠ᠄ ᠵᠤᠭᠰᠤᠭᠠᠭᠰᠠᠨ ᠨᠡᠪᠲᠡᠷᠡᠭᠦᠯᠬᠡ ᠶᠢ ᠨᠧᠲ ᠲᠤ ᠰᠢᠯᠵᠢᠬᠦᠯᠦᠨ ᠨᠡᠪᠲᠡᠷᠡᠬᠦᠯᠵᠦ ᠪᠤᠯᠬᠤ ᠦᠬᠡᠢ
  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
关闭
010070230030000000000000011120701122248118