蒙古文网站Logo
ᠰᠢᠨᠬᠤᠸᠠ ᠮᠤᠩᠭ᠋ᠤᠯ ᠨᠧᠲ

ᠤᠯᠤᠰ ᠳᠠᠶᠠᠭᠠᠷ ᠤᠨ ᠮᠣᠩᠭᠣᠯ ᠰᠦᠯᠵᠢᠶᠡᠨ ᠵᠠᠭᠤᠴᠢᠯᠠᠭᠤᠷ ᠤᠨ ᠠᠷᠤ ᠬᠤᠷᠴᠢᠨ ᠳ᠋ᠡᠬᠢ ᠭᠤᠤᠯ ᠰᠡᠳᠤᠪᠲᠤ ᠰᠤᠷᠪᠤᠯᠵᠢᠯᠠᠭ᠎ᠠ ᠶᠢᠨ ᠠᠵᠢᠯᠯᠠᠭ᠎ᠠ ᠡᠬᠢᠯᠡᠪᠡ

2018-01-12 11:57

ᠤᠯᠤᠰ ᠳᠠᠶᠠᠭᠠᠷ ᠤᠨ ᠮᠣᠩᠭᠣᠯ ᠰᠦᠯᠵᠢᠶᠡᠨ ᠵᠠᠭᠤᠴᠢᠯᠠᠭᠤᠷ ᠤᠨ ᠠᠷᠤ ᠬᠤᠷᠴᠢᠨ ᠳ᠋ᠡᠬᠢ ᠰᠤᠷᠪᠤᠯᠵᠢᠯᠠᠭ᠎ᠠ ᠶᠢᠨ ᠡᠬᠢᠯᠡᠯᠲᠡ ᠶᠢᠨ ᠶᠤᠰᠤᠯᠠᠯ

    ᠰᠢᠨᠬᠤᠧᠠ ᠮᠤᠩᠭ᠋ᠤᠯ ᠨᠧᠲ   ᠤᠯᠠᠭᠠᠨᠬᠠᠲᠠ ᠶᠢᠨ 1 ᠰᠠᠷ᠎ᠠ ᠶᠢᠨ 11 ᠤ ᠡᠳᠦᠷ ᠤᠨ ᠴᠠᠬᠢᠯᠭᠠᠨ ᠮᠡᠳᠡᠭᠡ(ᠰᠤᠷᠤᠶ᠎ᠠ ᠬᠡᠤᠬᠡᠨᠰᠣᠯᠢ) ᠤᠯᠤᠰ ᠳᠠᠶᠠᠭᠠᠷ ᠤᠨ ᠮᠣᠩᠭᠣᠯ ᠰᠦᠯᠵᠢᠶᠡᠨ ᠵᠠᠭᠤᠴᠢᠯᠠᠭᠤᠷ ᠤᠨ ᠠᠷᠤ ᠬᠤᠷᠴᠢᠨ ᠳ᠋ᠡᠬᠢ ᠰᠤᠷᠪᠤᠯᠵᠢᠯᠠᠭ᠎ᠠ ᠶᠢᠨ ᠠᠵᠢᠯᠯᠠᠭᠠᠨ ᠤ ᠡᠬᠢᠯᠡᠯᠲᠡ ᠶᠢᠨ ᠶᠤᠰᠤᠯᠠᠯ 11 ᠤ ᠡᠳᠦᠷ ᠤᠨ ᠦᠳᠡ ᠡᠴᠡ ᠡᠮᠦᠨ᠎ᠠ ᠦᠪᠦᠷ ᠮᠤᠩᠭᠤᠯ ᠤᠨ ᠠᠷᠤ ᠬᠤᠷᠴᠢᠨ ᠬᠤᠰᠢᠭᠤᠨ ᠤ ᠳᠦᠪ ᠴᠢᠪᠠᠭ᠎ᠠ ᠪᠠᠯᠭᠠᠰᠤᠨ ᠳᠤ ᠪᠤᠯᠵᠤ ᠦᠩᠬᠡᠷᠡᠯ᠎ᠠ᠃

    ᠰᠤᠷᠪᠤᠯᠵᠢᠯᠠᠭ᠎ᠠ ᠶᠢᠨ ᠠᠵᠢᠯᠯᠠᠭ᠎ᠠ ᠨᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠤᠬᠡᠷ ᠤᠳᠠᠭᠠᠨ ᠤ ᠪᠦᠬᠦ ᠤᠯᠤᠰ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠬᠤ ᠪᠡᠷ ᠵᠣᠷᠢᠯᠲᠠ ᠪᠡᠨ ᠪᠤᠯᠭᠠᠵᠤ᠂ 《ᠤᠯᠤᠰ ᠳᠠᠶᠠᠭᠠᠷ ᠤᠨ ᠮᠣᠩᠭᠣᠯ ᠰᠦᠯᠵᠢᠶᠡᠨ ᠵᠠᠭᠤᠴᠢᠯᠠᠭᠤᠷ ᠤᠨ ᠠᠷᠤ ᠬᠤᠷᠴᠢᠨ ᠳ᠋ᠡᠬᠢ ᠭᠤᠤᠯ ᠰᠡᠳᠤᠪᠲᠤ ᠰᠤᠷᠪᠤᠯᠵᠢᠯᠠᠭ᠎ᠠ》᠂ 《ᠤᠯᠤᠰ ᠳᠠᠶᠠᠭᠠᠷ ᠤᠨ ᠮᠣᠩᠭᠣᠯ ᠰᠦᠯᠵᠢᠶᠡᠨ ᠵᠠᠭᠤᠴᠢᠯᠠᠭᠤᠷ ᠤᠨ ᠨᠠᠮ ᠤᠨ ᠠᠷᠪᠠ ᠶᠢᠰᠦᠳᠤᠬᠡᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠤᠪᠲᠤ ᠰᠤᠳᠤᠯᠤᠨ ᠶᠠᠷᠢᠯᠴᠠᠬᠤ ᠬᠤᠷᠠᠯ》᠂《2018•ᠮᠣᠩ᠋ᠭᠤᠯ ᠬᠡᠯᠡᠨ ᠤ ᠨᠧᠲ ᠤᠨ ᠴᠠᠭᠠᠨ ᠰᠠᠷ᠎ᠠ ᠶᠢᠨ ᠦᠳᠡᠰᠢᠯᠡᠬᠡ》ᠵᠡᠷᠭᠡ ᠠᠭᠤᠯᠭ᠎ᠠ ᠲᠤᠬᠢᠷᠠᠭᠤᠯᠤᠭᠰᠠᠨ ᠪᠠᠶᠢᠨ᠎ᠠ᠃

    ᠡᠬᠢᠯᠡᠯᠲᠡ ᠶᠢᠨ ᠶᠤᠰᠤᠯᠠᠯ ᠤᠨ ᠳᠠᠷᠠᠭ᠎ᠠ᠂ ᠰᠤᠷᠪᠤᠯᠵᠢᠯᠠᠭ᠎ᠠ ᠶᠢᠨ ᠪᠠᠭ ᠤᠨ ᠬᠢᠨ ᠬᠤᠶᠠᠷ ᠱᠤᠭᠤᠮ ᠬᠤᠪᠢᠶᠠᠵᠤ ᠠᠷᠤ ᠬᠤᠷᠴᠢᠨ ᠬᠤᠰᠢᠭᠤᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠤᠶᠤᠯ᠂ ᠦᠨᠳᠦᠰᠦᠲᠡᠨ ᠤ ᠰᠤᠷᠭᠠᠨ ᠬᠦᠮᠦᠵᠢᠯ ᠵᠢᠴᠢ ᠶᠠᠳᠠᠭᠤ ᠡᠴᠡ ᠠᠩᠭᠢᠵᠢᠷᠠᠭᠤᠯᠤᠭᠰᠠᠨ ᠰᠡᠳᠦᠪ ᠤᠨ ᠲᠤᠭᠤᠷᠢᠨ ᠳᠤ ᠰᠤᠷᠪᠤᠯᠵᠢᠯᠠᠭ᠎ᠠ ᠶᠢᠨ ᠠᠶᠠᠨ ᠢᠶᠡᠨ ᠡᠬᠢᠯᠡᠭᠦᠯᠵᠡᠢ᠃

    ᠠᠵᠢᠯᠯᠠᠭ᠎ᠠ ᠶᠢ ᠥᠪᠦᠷ ᠮᠣᠩ᠋ᠭᠤᠯ ᠤᠨ ᠥᠪᠡᠷᠲᠡᠬᠡᠨ ᠵᠠᠰᠠᠬᠤ ᠤᠷᠤᠨ ᠤ ᠢᠨᠲ᠋ᠧᠷᠨᠧᠲ ᠰᠤᠷᠠᠭ ᠵᠠᠩᠬᠢᠵᠢᠯᠲᠠ ᠶᠢᠨ ᠠᠯᠪᠠᠨ᠂ ᠥᠪᠦᠷ ᠮᠣᠩ᠋ᠭᠤᠯ ᠤᠨ ᠡᠳᠦᠷ ᠤᠨ ᠰᠣᠨᠢᠨ ᠤ ᠬᠤᠷᠢᠶ᠎ᠠ ᠡᠴᠡ ᠰᠠᠨᠠᠭᠠᠴᠢᠯᠠᠵᠤ᠂ ᠳᠤᠮᠳᠠᠳᠤ ᠤᠯᠤᠰ ᠤᠨ ᠮᠣᠩᠭᠣᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠠ᠂ ᠦᠪᠦᠷ ᠮᠣᠩᠭᠣᠯ ᠤᠨ ᠠᠷᠤ ᠬᠤᠷᠴᠢᠨ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠡᠴᠡ ᠵᠤᠬᠢᠶᠠᠨ ᠪᠠᠶᠢᠭᠤᠯᠪᠠ᠃

ᠤᠯᠠᠭᠠᠨᠬᠠᠲᠠ ᠬᠤᠲᠠ ᠶᠢᠨ ᠤᠦ ᠶᠠ ᠤᠳᠤᠬᠢᠴᠢᠯᠠᠭᠰᠠᠨ ᠮᠠᠯᠵᠢᠯ ᠤᠨ ᠲᠠᠯᠠᠪᠠᠢ ᠳᠤ ᠰᠤᠷᠪᠤᠯᠵᠢᠯᠠᠭ᠎ᠠ ᠬᠢᠵᠤ ᠪᠠᠶᠢᠭ᠎ᠠ ᠨᠢ

ᠠᠷᠤ ᠬᠤᠷᠴᠢᠨ ᠬᠤᠰᠢᠭᠤᠨ ᠤ ᠰᠢᠩ ᠶᠤᠸᠠᠨ ᠠᠮᠢ ᠠᠬᠤᠢ ᠶᠢᠨ ᠲᠠᠷᠢᠶᠠᠯᠠᠩ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠳᠤ ᠰᠤᠷᠪᠤᠯᠵᠢᠯᠠᠭ᠎ᠠ ᠬᠢᠵᠤ ᠪᠠᠶᠢᠭ᠎ᠠ ᠨᠢ

ᠤᠯᠠᠭᠠᠨᠬᠠᠳᠠ ᠶᠢᠨ ᠯᠢᠦᠢ ᠲᠢᠶᠡᠨ ᠶᠤᠸᠠᠨ ᠲᠠᠷᠢᠶᠠᠯᠠᠩ ᠤᠨ ᠲᠠᠯᠠᠪᠠᠢ ᠶᠢᠨ ᠬᠢᠵᠠᠭᠠᠷᠲᠤ ᠺᠤᠮᠫᠠᠨᠢ ᠳᠤ ᠰᠤᠷᠪᠤᠯᠵᠢᠯᠠᠭ᠎ᠠ ᠬᠢᠵᠤ ᠪᠠᠶᠢᠭ᠎ᠠ ᠨᠢ

ᠤᠯᠤᠰ ᠤᠨ ᠵᠡᠷᠭᠡᠯᠡᠯ ᠤᠨ ᠪᠡᠶᠡᠲᠤ ᠪᠤᠰᠤ ᠰᠤᠶᠤᠯ ᠤᠨ ᠦᠪ  ᠪᠤᠯᠬᠤ《ᠠᠷᠪᠠᠨ ᠰᠤᠮᠤ》 ᠶᠢᠨ ᠬᠤᠷᠢᠮ ᠤᠨ ᠶᠤᠰᠤᠯᠡᠯ ᠤᠨ ᠦᠪᠯᠡᠭᠴᠢ᠂ ᠤᠷᠤᠨ ᠤ ᠵᠡᠷᠭᠡᠯᠡᠯ ᠤᠨ ᠪᠡᠶᠡᠲᠤ ᠪᠤᠰᠤ ᠰᠤᠶᠤᠯ ᠤᠨ ᠦᠪ ᠪᠤᠯᠬᠤ ᠢᠷᠦᠬᠡᠯ ᠮᠠᠬᠳᠠᠭᠠᠯ ᠤᠨ ᠦᠪᠯᠡᠭᠴᠢ᠂ ᠠᠷᠤ ᠬᠤᠷᠴᠢᠨ ᠬᠤᠰᠢᠭᠤᠨ ᠤ ᠮᠤᠩᠭᠤᠯ ᠬᠤᠷᠢᠮ ᠤᠨ ᠨᠡᠶᠢᠬᠡᠮᠯᠢᠭ᠌ ᠤᠨ ᠳᠡᠷᠢᠬᠦᠯᠡᠭᠴᠢ ᠰᠤᠮᠢᠶ᠎ᠠ (ᠪᠠᠷᠠᠭᠤᠨ) ᠶᠢᠨ ᠰᠤᠷᠪᠤᠯᠵᠢᠯᠠᠭ᠎ᠠ

ᠬᠤᠲᠠ ᠶᠢᠨ ᠵᠡᠷᠭᠡᠯᠡᠯ ᠤᠨ ᠪᠡᠶᠡᠲᠤ ᠪᠤᠰᠤ ᠰᠤᠶᠤᠯ ᠤᠨ ᠦᠪ ᠪᠤᠯᠬᠤ ᠮᠣᠩᠭᠣᠯ ᠦᠰᠦᠭ ᠵᠢᠷᠤᠭ ᠤᠨ ᠬᠠᠳᠬᠤᠮᠠᠯ ᠤᠨ ᠦᠪᠯᠡᠭᠴᠢ ᠮ﹒ᠠᠯᠤᠰ

ᠠᠷᠤ ᠬᠤᠷᠴᠢᠨ ᠬᠤᠰᠢᠭᠤᠨ ᠤ ᠡᠬᠡ ᠪᠠᠶᠢᠭᠠᠯᠢ ᠲᠠᠷᠢᠶᠠᠯᠠᠩ ᠮᠠᠯ ᠠᠵᠤ ᠠᠬᠤᠢ ᠶᠢᠨ ᠪᠦᠲᠤᠭᠡᠭ᠍ᠳᠡᠭᠦᠨ ᠤ  ᠬᠤᠷᠰᠢᠶᠠᠵᠢᠯ ᠤᠨ ᠳᠠᠭᠠᠭᠠᠮᠠᠯ ᠯᠢ ᠲᠢᠶᠠᠨ ᠬᠤᠧᠠ(ᠵᠡᠭᠦᠨ)  ᠶᠢᠨ ᠰᠤᠷᠪᠤᠯᠵᠢᠯᠠᠭ᠎ᠠ

ᠢᠷᠡᠯᠳᠡ᠄ ᠰᠢᠨᠬᠤᠧᠠ ᠮᠤᠩᠭ᠋ᠤᠯ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠤᠯᠤᠰ ᠤᠨ ᠬᠡᠪᠯᠡᠯ ᠮᠡᠳᠡᠭᠡᠯᠡᠯ ᠷᠠᠳᠢᠣ᠋ ᠲᠧᠯᠸᠶ᠋ᠰ ᠤᠨ ᠶᠡᠷᠦᠩᠬᠡᠢ ᠲᠤᠪᠴᠢᠶ᠎ᠠ᠄ ᠵᠤᠭᠰᠤᠭᠠᠭᠰᠠᠨ ᠨᠡᠪᠲᠡᠷᠡᠭᠦᠯᠬᠡ ᠶᠢ ᠨᠧᠲ ᠲᠤ ᠰᠢᠯᠵᠢᠬᠦᠯᠦᠨ ᠨᠡᠪᠲᠡᠷᠡᠬᠦᠯᠵᠦ ᠪᠤᠯᠬᠤ ᠦᠬᠡᠢ
  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
关闭
010070230030000000000000011120701122248392