蒙古文网站Logo
ᠰᠢᠨᠬᠤᠸᠠ ᠮᠤᠩᠭ᠋ᠤᠯ ᠨᠧᠲ

ᠤᠯᠠᠩᠳᠧ᠄ ᠹᠷᠠᠨᠼᠢ ᠶᠢᠨ ᠶᠡᠷᠦᠩᠬᠡᠢᠢᠯᠡᠭᠴᠢ ᠶᠢᠨ ᠰᠤᠩᠭ᠋ᠤᠭᠤᠯᠢ ᠶᠢᠨ ᠬᠤᠭᠤᠴᠠᠭᠠᠨ ᠤ ᠠᠮᠤᠷ ᠲᠦᠪᠰᠢᠨ ᠢ ᠴᠢᠩᠲᠠ ᠪᠠᠲᠤᠯᠠᠬᠤ ᠬᠡᠷᠡᠭᠲᠡᠢ

2017-02-16 12:44

    ᠰᠢᠨᠬᠤᠸᠠ ᠬᠤᠷᠢᠶ᠎ᠠ   ᠫᠠᠷᠢᠰ ᠤᠨ 2 ᠰᠠᠷ᠎ᠠ ᠶᠢᠨ 15 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠬᠠᠨ ᠪᠢᠩ᠂ ᠶᠢᠩ ᠴᠢᠶᠠᠩ) 15 ᠤ ᠡᠲᠦᠷ ᠹᠷᠠᠨᠼᠢ ᠶᠢᠨ ᠶᠡᠷᠦᠩᠬᠡᠢᠢᠯᠡᠭᠴᠢ ᠶᠢᠨ ᠠᠯᠪᠠᠨ ᠡᠴᠡ ᠮᠡᠲᠡᠭᠡᠯᠡᠯ ᠨᠡᠢᠢᠲᠡᠯᠡᠵᠦ᠂ ᠹᠷᠠᠨᠼᠢ ᠶᠢᠨ ᠶᠡᠷᠦᠩᠬᠡᠢᠢᠯᠡᠭᠴᠢ ᠶᠢᠨ ᠰᠤᠩᠭ᠋ᠤᠭᠤᠯᠢ ᠶᠢᠨ ᠬᠤᠭᠤᠴᠠᠭᠠᠨ ᠤ ᠠᠮᠤᠷ ᠲᠦᠪᠰᠢᠨ ᠢ ᠴᠢᠩᠲᠠ ᠪᠠᠲᠤᠯᠠᠬᠤ ᠬᠡᠷᠡᠭᠲᠡᠢ ᠭᠡᠵᠦ ᠹᠷᠠᠨᠼᠢ ᠶᠢᠨ ᠶᠡᠷᠦᠩᠬᠡᠢᠢᠯᠡᠭᠴᠢ ᠤᠯᠠᠩᠳᠧ ᠱᠠᠭᠠᠷᠲᠠᠪᠠ ᠭᠡᠵᠡᠢ᠃ ᠲᠡᠷᠡ ᠪᠡᠷ ᠰᠦᠷᠲᠡᠬᠦᠯᠦᠯ ᠤᠨ ᠡᠲᠡᠭᠡᠳ ᠤᠨ ᠲᠠᠭᠠᠷᠢᠯᠲᠠ ᠶᠢ ᠰᠡᠷᠭᠡᠢᠢᠯᠡᠬᠦ ᠶᠢᠨ ᠬᠠᠮᠲᠤ ᠢᠨᠲ᠋ᠸᠷᠨ᠋ᠸᠲ ᠬᠠᠯᠲᠠᠯᠭ᠎ᠠ ᠶᠢ ᠴᠤ ᠰᠡᠷᠭᠡᠢᠢᠯᠡᠬᠦ ᠶᠢ ᠴᠢᠬᠤᠯᠠᠴᠢᠯᠠᠪᠠ᠃

    ᠰᠡᠬᠦᠯ ᠤᠨ ᠦᠶ᠎᠎ᠠ ᠳ᠋ᠤ᠂ ᠹᠷᠠᠨᠼᠢ ᠶᠢᠨ ᠴᠠᠭᠲᠠᠭᠠᠨ ᠤ ᠬᠢᠨ ᠰᠦᠷᠲᠡᠬᠦᠯᠦᠯ ᠤᠨ ᠡᠲᠡᠭᠡᠳ ᠤᠨ ᠬᠡᠲᠦ ᠤᠲᠠᠭᠠᠨ ᠤ ᠠᠵᠢᠯᠯᠠᠭ᠎ᠠ ᠶᠢ ᠪᠤᠲᠠ ᠨᠢᠷᠭᠡᠭ᠍ᠰᠡᠨ ᠶᠢᠡᠷ ᠹᠷᠠᠨᠼᠢ ᠶᠢᠨ ᠰᠦᠷᠲᠡᠬᠦᠯᠦᠯ ᠢ ᠡᠰᠡᠷᠬᠦᠴᠡᠬᠦ ᠪᠠ ᠰᠡᠷᠬᠡᠢᠢᠯᠡᠬᠦ ᠠᠵᠢᠯ ᠬᠡᠴᠡᠬᠦᠦ ᠪᠠᠢᠢᠬᠤ ᠨᠢ ᠢᠯᠡᠬᠡᠨ᠃ ᠹᠷᠠᠨᠼᠢ ᠶᠢᠨ ᠬᠡᠪᠯᠡᠯ ᠮᠡᠲᠡᠭᠡᠯᠡᠯ ᠤᠨ ᠮᠡᠲᠡᠭᠡᠯᠡᠭᠰᠡᠨ ᠶᠢᠡᠷ᠂ 10 ᠤ ᠡᠲᠦᠷ ᠹᠷᠠᠨᠼᠢ ᠶᠢᠨ ᠴᠠᠭᠲᠠᠭᠠᠨ ᠤ ᠬᠢᠨ ᠡᠮᠦᠨᠡᠲᠦ ᠬᠡᠰᠡᠭ ᠡᠴᠡ 4 ᠰᠡᠵᠢᠭᠯᠡᠯ ᠲᠠᠢ ᠰᠦᠷᠲᠡᠬᠦᠯᠦᠭᠴᠢ ᠡᠲᠡᠭᠡᠳ ᠢ ᠪᠠᠷᠢᠪᠴᠢᠯᠠᠵᠤ᠂ 14 ᠤ ᠡᠲᠦᠷ ᠬᠤᠢᠢᠲᠤ ᠬᠡᠰᠡᠭ ᠤᠨ ᠤᠷᠤᠨ ᠳ᠋ᠤ ᠰᠦᠷᠲᠡᠬᠦᠯᠭᠡ ᠶᠢᠨ ᠠᠵᠢᠯᠯᠠᠭ᠎ᠠ ᠵᠤᠬᠢᠶᠠᠨ ᠪᠠᠢᠢᠭᠤᠯᠬᠤ ᠭᠡᠵᠦ ᠪᠠᠢᠢᠭᠰᠠᠨ 18 ᠨᠠᠰᠤᠲᠠᠢ ᠶᠡᠬᠡ ᠰᠤᠷᠭᠠᠭᠤᠯᠢ ᠶᠢᠨ ᠨᠢᠬᠡ ᠤᠶᠤᠲᠠᠨ ᠢ ᠪᠠᠷᠢᠪᠴᠢᠯᠠᠪᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011120791120477581