蒙古文网站Logo
ᠰᠢᠨᠬᠤᠸᠠ ᠮᠤᠩᠭ᠋ᠤᠯ ᠨᠧᠲ

ᠶᠸᠵᠢᠫᠲ ᠤᠨ ᠤᠯᠤᠰ ᠤᠨ ᠬᠤᠷᠠᠯ ᠤᠯᠤᠰ ᠲᠠᠶᠠᠭᠠᠷ ᠤᠨ ᠪᠠᠴᠢᠮ ᠪᠠᠢᠢᠲᠠᠯ 3 ᠰᠠᠷ᠎ᠠ ᠦᠷᠬᠦᠯᠵᠢᠯᠡᠬᠦ ᠶᠢ ᠪᠠᠲᠤᠯᠠᠪᠠ

2017-04-12 11:23

    ᠰᠢᠨᠬᠤᠸᠠ ᠬᠤᠷᠢᠶ᠎ᠠ   ᠺᠠᠢᠢᠷᠤ᠋ ᠶᠢᠨ 4 ᠰᠠᠷ᠎ᠠ ᠶᠢᠨ 11 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠸᠠᠩ ᠴᠢᠶᠠᠩ᠂ ᠵᠸᠩ ᠺᠠᠢ ᠯᠦᠨ ) ᠶᠸᠵᠢᠫᠲ ᠤᠨ ᠦᠨᠳᠦᠰᠦᠨ ᠤ ᠤᠯᠠᠨ ᠨᠡᠢᠢᠲᠡ ᠶᠢᠨ ᠲᠸᠯᠸᠢᠰ ᠤᠨ 11 ᠤ ᠡᠲᠦᠷ ᠤᠨ ᠮᠡᠲᠡᠭᠡᠯᠡᠭᠰᠡᠨ ᠢ ᠦᠨᠳᠦᠰᠦᠯᠡᠪᠡᠯ᠂ ᠲᠤᠬᠠᠢ ᠶᠢᠨ ᠡᠲᠦᠷ ᠶᠸᠵᠢᠫᠲ ᠤᠨ ᠤᠯᠤᠰ ᠤᠨ ᠬᠤᠷᠠᠯ ᠤᠯᠤᠰ ᠲᠠᠶᠠᠭᠠᠷ ᠤᠨ ᠪᠠᠴᠢᠮ ᠪᠠᠢᠢᠲᠠᠯ 3 ᠰᠠᠷ᠎ᠠ ᠦᠷᠬᠦᠯᠵᠢᠯᠡᠬᠦ ᠶᠢ ᠪᠠᠲᠤᠯᠠᠪᠠ ᠭᠡᠵᠡᠢ᠃

    9 ᠤ ᠡᠲᠦᠷ ᠲᠠᠪᠠᠷᠠᠮᠠᠲᠠᠭᠠᠢ ᠪᠦᠯᠦᠭᠲᠡᠨ ᠤ ᠵᠤᠬᠢᠶᠠᠨ ᠪᠠᠢᠢᠭᠤᠯᠤᠯᠲᠠ ᠪᠤᠯᠬᠤ《ᠢᠰᠯᠠᠮ ᠤᠨ ᠤᠯᠤᠰ》 ᠶᠸᠵᠢᠫᠲ ᠤᠨ ᠬᠤᠢᠢᠲᠤ ᠬᠡᠰᠡᠭ ᠤᠨ ᠲᠠᠨᠲ᠋ᠠ ᠬᠤᠲᠠ ᠪᠠ ᠠᠯᠸᠺᠰᠠᠨᠳᠢᠷᠢᠶ᠎ᠠ ᠬᠤᠲᠠ ᠳ᠋ᠤ ᠱᠠᠰᠢᠨ ᠤ ᠲᠤᠭᠠᠩ ᠢ ᠲᠠᠭᠠᠷᠢᠵᠤ᠂ ᠨᠠᠭᠠᠲᠤ ᠵᠠᠬ᠎ᠠ ᠳ᠋ᠠᠭᠠᠨ 44 ᠬᠦᠮᠦᠨ ᠠᠮᠢ ᠨᠠᠰᠤ ᠪᠠᠨ ᠠᠯᠲᠠᠵᠤ᠂ 100 ᠭᠠᠷᠤᠢ ᠬᠦᠮᠦᠨ ᠰᠢᠷᠬᠠᠲᠤᠪᠠ᠃

    ᠶᠸᠵᠢᠫᠲ ᠤᠨ ᠬᠡᠪᠯᠡᠯ ᠮᠡᠲᠡᠭᠡᠯᠡᠯ ᠤᠨ ᠮᠡᠲᠡᠭᠡᠯᠡᠭᠰᠡᠨ ᠢ ᠦᠨᠳᠦᠰᠦᠯᠡᠪᠡᠯ᠂ ᠪᠠᠴᠢᠮ ᠪᠠᠢᠢᠲᠠᠯ ᠳ᠋ᠤ ᠤᠷᠤᠭᠰᠠᠨ ᠤ ᠲᠠᠷᠠᠭ᠎ᠠ ᠲᠤᠬᠠᠢ ᠶᠢᠨ ᠵᠠᠰᠠᠭ ᠤᠨ ᠭᠠᠵᠠᠷ ᠨᠡᠩ ᠤᠯᠠᠨ ᠡᠷᠬᠡ ᠲᠠᠢ ᠪᠤᠯᠵᠤ᠂ ᠤᠨᠴᠠᠭᠠᠢ ᠰᠢᠬᠦᠬᠦ ᠶᠢᠨ ᠭᠠᠵᠠᠷ ᠲᠠᠢ ᠪᠤᠯᠵᠤ᠂ ᠤᠯᠠᠨ ᠨᠡᠢᠢᠲᠡ ᠶᠢᠨ ᠠᠵᠢᠯᠯᠠᠭ᠎ᠠ ᠶᠢ ᠬᠢᠵᠠᠭᠠᠷᠯᠠᠬᠤ ᠵᠡᠷᠭᠡ ᠠᠷᠬ᠎ᠠ ᠬᠡᠮᠵᠢᠶ᠎ᠠ ᠠᠪᠴᠤ ᠪᠤᠯᠲᠠᠭ᠃ ᠲᠤᠢᠢᠮᠤᠴᠢᠳ ᠤᠨ ᠦᠵᠡᠬᠦ ᠪᠡᠷ᠂ ᠡᠨᠡ ᠨᠢ ᠬᠡᠲᠦᠢᠢᠪᠡᠷ ᠢᠷᠭᠡᠳ ᠤᠨ ᠰᠡᠳᠬᠢᠯ ᠢ ᠲᠤᠭᠲᠠᠭᠤᠨ ᠪᠤᠯᠭᠠᠬᠤ᠂ ᠱᠠᠰᠢᠨ ᠤ ᠪᠦᠯᠦᠭ ᠤᠨ ᠮᠦᠷᠬᠦᠯᠲᠦᠭᠡᠨ ᠢ ᠨᠠᠮᠲᠠᠭᠠᠬᠤ ᠪᠤᠯᠪᠠᠴᠤ ᠠᠶᠠᠯᠠᠯ ᠵᠢᠭᠤᠯᠴᠢᠯᠠᠯ ᠤᠨ ᠦᠢᠯᠡᠰ ᠲᠤ ᠰᠦᠷᠬᠦ ᠨᠦᠯᠦᠭᠡ ᠦᠵᠡᠬᠦᠯᠬᠦ ᠪᠤᠯᠤᠨ᠎ᠠ ᠭᠡᠵᠡᠢ᠃

    2013 ᠤᠨ ᠡᠴᠡ ᠨᠠᠭᠠᠰᠢ᠂ ᠶᠸᠵᠢᠫᠲ ᠤᠨ ᠰᠢᠨᠠᠢ ᠬᠤᠢᠢᠭ ᠤᠨ ᠠᠮᠤᠷ ᠲᠦᠪᠰᠢᠨ ᠤ ᠪᠠᠢᠢᠲᠠᠯ ᠬᠡᠴᠡᠬᠦᠦ ᠪᠤᠯᠵᠤ᠂ ᠶᠠᠷᠦ ᠨᠢ ᠪᠠᠴᠢᠮ ᠪᠠᠢᠢᠲᠠᠯ ᠳ᠋ᠤ ᠪᠠᠢᠢᠭᠰᠠᠭᠠᠷ ᠢᠷᠡᠵᠡᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120791120795356