蒙古文网站Logo
ᠰᠢᠨᠬᠤᠸᠠ ᠮᠤᠩᠭ᠋ᠤᠯ ᠨᠧᠲ

ᠹᠷᠠᠨᠼᠢ ᠶᠢᠨ ᠨᠢᠭᠡ ᠲᠦᠷᠪᠡᠭ᠍ᠰᠡᠳ ᠤᠨ ᠲᠤᠭᠤᠷᠢᠭ ᠲᠤ ᠭᠠᠯ ᠭᠠᠷᠪᠠ

2017-04-12 11:31

    ᠰᠢᠨᠬᠤᠸᠠ ᠬᠤᠷᠢᠶ᠎ᠠ   ᠫᠠᠷᠢᠰ ᠤᠨ 4 ᠰᠠᠷ᠎ᠠ ᠶᠢᠨ 11 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠬᠠᠨ ᠪᠢᠩ᠂ ᠶᠢᠩ ᠴᠢᠶᠠᠩ ) ᠹᠷᠠᠨᠼᠢ ᠶᠢᠨ ᠬᠡᠪᠯᠡᠯ ᠮᠡᠲᠡᠭᠡᠯᠡᠯ ᠤᠨ ᠮᠡᠲᠡᠭᠡᠯᠡᠭᠰᠡᠨ ᠶᠢᠡᠷ᠂ 11 ᠤ ᠦᠦᠷ ᠶᠢᠡᠷ ᠹᠷᠠᠨᠼᠢ ᠶᠢᠨ ᠬᠤᠢᠢᠲᠤ ᠬᠡᠰᠡᠭ ᠤᠨ ᠨᠤᠷ ᠮᠤᠵᠢ ᠶᠢᠨ ᠨᠢᠭᠡ ᠲᠦᠷᠪᠡᠭ᠍ᠰᠡᠳ ᠤᠨ ᠲᠤᠭᠤᠷᠢᠭ ᠲᠤ ᠭᠠᠯ ᠭᠠᠷᠴᠤ 10 ᠭᠠᠷᠤᠢ ᠬᠦᠮᠦᠨ ᠰᠢᠷᠬᠠᠲᠤᠪᠠ᠃

    ᠲᠤᠬᠠᠢ ᠶᠢᠨ ᠤᠷᠤᠨ ᠤ ᠠᠯᠪᠠᠨ ᠲᠤᠰᠢᠶᠠᠯᠲᠠᠨ ᠬᠡᠪᠯᠡᠯ ᠮᠡᠲᠡᠭᠡᠯᠡᠯ ᠤᠨ ᠰᠤᠷᠪᠤᠯᠵᠢᠯᠠᠭ᠎ᠠ ᠬᠦᠯᠢᠶᠠᠨ ᠶᠠᠷᠢᠬᠤ ᠳ᠋ᠠᠭᠠᠨ᠂ ᠲᠦᠷᠪᠡᠭ᠍ᠰᠡᠳ ᠤᠨ ᠲᠤᠭᠤᠷᠢᠭ ᠤᠨ ᠤᠯᠠᠨ ᠭᠠᠵᠠᠷ ᠵᠤᠷᠢᠭᠤᠲᠠ ᠭᠠᠯ ᠲᠠᠯᠪᠢᠬᠰᠠᠨ ᠭᠡᠵᠡᠢ᠃

    ᠨᠤᠷ ᠮᠤᠵᠢ ᠶᠢᠨ ᠬᠠᠪᠢ ᠳ᠋ᠤ ᠺᠠᠯᠸ ᠬᠤᠲᠠ ᠪᠠᠢᠢᠲᠠᠭ᠃ ᠺᠠᠯᠸ ᠬᠤᠲᠠ ᠪᠤᠯ ᠲᠦᠷᠪᠡᠭ᠍ᠰᠡᠳ ᠤᠨ ᠠᠩᠭ᠍ᠯᠢ ᠤᠷᠤᠭᠤ ᠵᠤᠷᠴᠢᠬᠤ ᠳ᠋ᠤ ᠵᠠᠪᠠᠯ ᠦᠩᠭᠡᠷᠡᠬᠦ ᠭᠠᠵᠠᠷ ᠪᠦᠭᠡᠳ ᠲᠦᠷᠪᠡᠭ᠍ᠰᠡᠳ ᠬᠠᠮᠤᠭ ᠤᠨ ᠤᠯᠠᠨ ᠪᠠᠢᠢᠬᠤ ᠭᠠᠵᠠᠷ ᠪᠤᠯᠤᠨ᠎ᠠ᠃ 2016 ᠤᠨ ᠤ 10 ᠰᠠᠷ᠎ᠠ ᠳ᠋ᠤ᠂ ᠠᠶᠤᠯᠬᠦᠢ᠂ ᠨᠡᠢᠢᠭᠡᠮ ᠤᠨ ᠠᠮᠤᠷ ᠲᠤᠭᠲᠠᠭᠤᠨ ᠢ ᠵᠠᠰᠠᠨ ᠴᠡᠭᠴᠡᠯᠡᠬᠦ ᠵᠤᠷᠢᠯᠭ᠎ᠠ ᠪᠡᠷ᠂ ᠹᠷᠠᠨᠼᠢ ᠶᠢᠨ ᠵᠠᠰᠠᠭ ᠤᠨ ᠭᠠᠵᠠᠷ ᠡᠴᠡ ᠲᠦᠷᠪᠡᠭ᠍ᠰᠡᠳ ᠤᠨ ᠲᠤᠭᠤᠷᠢᠭ ᠢ ᠦᠭᠡᠢᠢᠰᠭᠡᠬᠦ ᠪᠡᠷ ᠪᠤᠯᠪᠠ᠂ ᠭᠡᠪᠡᠴᠦ ᠲᠦᠷᠪᠡᠭ᠍ᠰᠡᠳ ᠢ ᠲᠤᠬᠢᠷᠠᠭᠤᠯᠬᠤ ᠠᠰᠠᠭᠤᠲᠠᠯ ᠢ ᠲᠤᠬᠢᠲᠠᠢ ᠰᠢᠢᠳᠪᠦᠷᠢᠯᠡᠭᠰᠡᠨ ᠦᠭᠡᠢ ᠡᠴᠡ ᠲᠦᠷᠪᠡᠭ᠍ᠰᠡᠳ ᠨᠢᠭᠡ ᠲᠤᠤᠷ᠎ᠠ ᠴᠤᠭᠯᠠᠷᠠᠭᠰᠠᠨ ᠪᠠᠢᠢᠲᠠᠯ ᠪᠤᠢ ᠪᠤᠯᠵᠠᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120791120795391