蒙古文网站Logo
ᠰᠢᠨᠬᠤᠸᠠ ᠮᠤᠩᠭ᠋ᠤᠯ ᠨᠧᠲ

ᠮᠤᠩᠭ᠋ᠤᠯ ᠤᠯᠤᠰ ᠤᠨ ᠤᠯᠠᠨ ᠠᠶᠢᠮᠠᠭ ᠲᠤ ᠠᠮᠢᠲᠠᠨ ᠤ ᠬᠢᠵᠢᠭ᠌ ᠲᠡᠯᠭᠡᠷᠡᠭᠰᠡᠨ ᠢᠶᠡᠷ ᠤᠯᠤᠰ ᠤᠨ ᠤᠨᠴᠠᠭᠠᠢ ᠪᠠᠶᠢᠳᠠᠯ ᠤᠨ ᠶᠡᠷᠦᠩᠭᠡᠢ ᠭᠠᠵᠠᠷ ᠤᠨ ᠬᠢᠨ ᠴᠢᠩᠭ᠋᠎ᠠ ᠰᠡᠷᠭᠡᠢᠯᠡᠯᠲᠡ ᠬᠢᠬᠦ ᠪᠡᠷ ᠵᠠᠷᠯᠠᠵᠠᠢ

2017-04-15 13:28

    ᠮᠤᠩᠭ᠋ᠤᠯ ᠤᠯᠤᠰ ᠤᠨ ᠲᠤᠷᠤᠨᠠᠭᠤᠪᠢ ᠠᠶᠢᠮᠠᠭ ᠤᠨ ᠡᠷᠳᠡᠨᠢ ᠰᠤᠮᠤᠨ ᠤ ᠨᠢᠭᠡ ᠮᠠᠯᠴᠢᠨ ᠠᠶᠢᠯ ᠤᠨ 16 ᠬᠤᠨᠢ 27 ᠢᠮᠠᠭᠠᠨ ᠳ᠋ᠤᠨᠢ ᠱᠦᠯᠬᠦᠭᠡ ᠡᠪᠡᠳᠴᠢᠨ ᠲᠤᠰᠴᠦ᠂ ᠰᠦᠭᠡᠪᠠᠭᠠᠳᠤᠷ ᠠᠶᠢᠮᠠᠭ ᠤᠨ ᠲᠠᠷᠢᠭᠠᠩᠭ᠋᠎ᠠ ᠰᠤᠮᠤ ᠪᠠ ᠲᠤᠷᠤᠨᠠᠳᠤ ᠠᠶᠢᠮᠠᠭ ᠤᠨ ᠴᠠᠭᠠᠨ ᠤᠪᠤᠭ᠎ᠠ ᠰᠤᠮᠤᠨ ᠳ᠋ᠤ ᠴᠦ ᠱᠦᠯᠬᠦᠭᠡ ᠡᠪᠡᠳᠴᠢᠨ ᠲᠡᠯᠭᠡᠷᠡᠵᠠᠢ᠃ ᠡᠬᠦᠨ ᠡᠴᠡ ᠭᠠᠳᠠᠨ᠎ᠠ᠂ ᠲᠦᠪ ᠠᠶᠢᠮᠠᠭ ᠤᠨ ᠪᠠᠶᠠᠨᠴᠠᠭᠠᠨ ᠰᠤᠮᠤᠨ ᠤ ᠨᠢᠭᠡ ᠮᠠᠯᠴᠢᠨ ᠠᠶᠢᠯ ᠤᠨ ᠬᠤᠨᠢᠨ ᠳ᠋ᠤ ᠴᠡᠴᠡᠭ ᠡᠪᠡᠳᠴᠢᠨ ᠲᠡᠯᠭᠡᠷᠡᠵᠤ᠂ ᠦᠪᠦᠷᠬᠠᠩᠭ᠋ᠠᠢ ᠠᠶᠢᠮᠠᠭ ᠤᠨ ᠪᠠᠶᠠᠠ ᠤᠯᠠᠭᠠᠨ ᠰᠤᠮᠤᠨ ᠳᠤ ᠦᠬᠡᠷ ᠤᠨ ᠭᠠᠯᠵᠠᠭᠤ ᠡᠪᠡᠳᠴᠢᠨ ᠲᠡᠯᠭᠡᠷᠡᠵᠠᠢ᠃ ᠡᠨᠡ ᠬᠦ ᠪᠠᠢᠳᠠᠯ ᠳ᠋ᠤ ᠴᠢᠭᠯᠡᠬᠦᠯᠦᠨ ᠮᠤᠩᠭ᠋ᠤᠯ ᠤᠯᠤᠰ ᠤᠨ ᠤᠨᠴᠠᠭᠠᠢ ᠪᠠᠶᠢᠳᠠᠯ ᠤᠨ ᠶᠡᠷᠦᠩᠭᠡᠢ ᠭᠠᠵᠠᠷ ᠤᠨ ᠬᠢᠨ ᠵᠠᠷᠯᠠᠬᠤ ᠳ᠋ᠠᠭᠠᠨ᠂ ᠡᠳᠡᠭᠡᠷ ᠬᠢᠵᠢᠭ᠌ ᠲᠡᠯᠭᠡᠷᠡᠭᠰᠡᠨ ᠭᠠᠵᠠᠷ ᠤᠷᠤᠨ ᠳ᠋ᠤ ᠨᠢᠭᠡᠨᠲᠡ ᠴᠢᠩᠭ᠋᠎ᠠ ᠰᠡᠷᠭᠡᠢᠯᠡᠯᠲᠡ ᠵᠢᠨ ᠠᠷᠭ᠎ᠠ ᠬᠡᠮᠵᠢᠶ᠎ᠡ ᠠᠪᠴᠦ ᠬᠢᠵᠢᠭ᠌ ᠤᠨ ᠪᠠᠶᠢᠳᠠᠯ ᠠᠬᠠᠳᠠᠬᠤ ᠡᠴᠡ ᠰᠡᠷᠭᠡᠶᠢᠯᠡᠵᠤ ᠪᠠᠶᠢᠨ᠎ᠠ ᠬᠡᠵᠠᠢ᠃

ᠢᠷᠡᠯᠳᠡ᠄ ᠠᠷᠠᠳ ᠤᠨ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120815757